ᠪᠢᠲᠡᠭᠡᠢ ᠢᠲᠡᠭᠡ︕ ᠶᠠᠰᠤᠨ ᠱᠥᠯᠥ᠂ ᠰᠠᠮ ᠬᠤᠷᠣᠬᠠᠢ᠂ ᠮᠠᠭᠠᠵᠢ ᠪᠠᠷ ᠺᠠᠯᠼ ᠨᠥᠬᠦᠪᠦᠷᠢᠯᠡᠬᠦ ᠨᠢ ᠪᠦᠷ ᠨᠠᠶᠢᠳᠠᠪᠤᠷᠢ ᠦᠭᠡᠢ︕
ᠨᠡᠶᠢᠲᠡᠯᠡᠭᠰᠡᠨ ᠴᠠᠭ᠄
2024/12/5
     100 g ᠬᠠᠷ᠎ᠠ ᠪᠤᠷᠴᠠᠭ ᠲᠤ ᠪᠠᠷᠤᠭ 220 mg ᠺᠠᠯᠼ ᠠᠭᠤᠯᠤᠭᠳᠠᠵᠤ ᠪᠠᠶᠢᠳᠠᠭ᠃ ᠬᠡᠳᠦᠶᠢᠪᠡᠷ ᠺᠠᠯᠼ ᠤᠨ ᠠᠭᠤᠯᠤᠭᠳᠠᠴᠠ ᠳᠣᠣᠷ᠎ᠠ ᠪᠢᠰᠢ ᠪᠣᠯᠪᠠᠴᠤ  ᠬᠠᠷ᠎ᠠ ᠪᠤᠷᠴᠠᠭ ᠵᠡᠷᠭᠡ ᠪᠤᠷᠴᠠᠭ ᠤᠨ ᠲᠦᠷᠥᠯ ᠳᠤ ᠨᠡᠯᠢᠶᠡᠳ ᠠᠷᠪᠢᠨ ᠤᠷᠭᠤᠮᠠᠯ ᠤᠨ ᠬᠦᠴᠢᠯ ᠠᠭᠤᠯᠤᠭᠳᠠᠵᠤ᠂ ᠺᠠᠯᠼ ᠲᠠᠢ ᠠᠮᠠᠷᠬᠠᠨ ᠨᠡᠶᠢᠯᠡᠵᠦ ᠬᠥᠮᠥᠨ ᠤ  ᠪᠡᠶ᠎ᠡ ᠳᠤ ᠬᠢᠯᠪᠠᠷ ᠰᠢᠩᠭᠡᠭᠡᠭᠳᠡᠬᠦ ᠦᠭᠡᠢ ᠤᠷᠭᠤᠮᠠᠯ ᠤᠨ ᠬᠦᠴᠢᠯ ᠤᠨ ᠺᠠᠯᠼ ᠪᠣᠯᠳᠠᠭ᠃            ᠪᠤᠷᠴᠠᠭ ᠤᠨ ᠵᠤᠲᠠᠩ ᠪᠣᠯᠣᠨ᠎ᠠ ᠤᠤ︖ ᠭᠡᠵᠦ ᠵᠠᠷᠢᠮ ᠬᠥᠮᠥᠨ ᠠᠰᠠᠭᠤᠵᠤ ᠮᠡᠳᠡᠨ᠎ᠡ᠃︖ ᠪᠣᠯᠬᠤ ᠦᠭᠡᠢ︕ 100 g ᠪᠤᠷᠴᠠᠭ ᠤᠨ ᠵᠤᠲᠠᠩ ᠳᠤ ᠵᠥᠪᠬᠡᠨ  10 mg ᠣᠷᠴᠢᠮ ᠺᠠᠯᠼ ᠠᠭᠤᠯᠵᠤ᠂ ᠪᠤᠷᠴᠠᠭ ᠤᠨ ᠵᠤᠲᠠᠩ ᠳᠤ ᠨᠡᠯᠢᠶᠡᠳ ᠠᠷᠪᠢᠨ ᠤᠰᠤ ᠠᠭᠤᠯᠵᠤ ᠪᠠᠶᠢᠬᠤ ᠮᠥᠷᠲᠡᠭᠡᠨ ᠬᠢᠬᠦ ᠶᠠᠪᠤᠴᠠ ᠳᠠᠭᠠᠨ ᠵᠤᠭᠠᠩ᠂  ᠬᠠᠯᠤᠬᠧᠨ ᠵᠡᠷᠭᠡ ᠺᠠᠯᠼ ᠤᠨ ᠠᠭᠤᠯᠤᠭᠳᠠᠴᠠ ᠨᠡᠯᠢᠶᠡᠳ ᠥᠨᠳᠥᠷ ᠪᠣᠳᠠᠰ ᠢ ᠨᠡᠮᠡᠳᠡᠭ ᠦᠭᠡᠢ᠂ ᠡᠶᠢᠮᠦ ᠠᠴᠠ ᠲᠡᠭᠦᠨ ᠤ ᠠᠭᠤᠯᠵᠤ ᠪᠠᠶᠢᠭ᠎ᠠ ᠺᠠᠯᠼ ᠤᠨ  ᠠᠭᠤᠯᠤᠭᠳᠠᠴᠠ ᠲᠤᠶᠢᠯ ᠤᠨ ᠪᠠᠭ᠎ᠠ ᠪᠠᠶᠢᠳᠠᠭ᠃ ᠪᠤᠷᠴᠠᠭ ᠢ ᠬᠠᠭᠤᠷᠴᠤ ᠪᠤᠷᠴᠠᠭ ᠤᠨ ᠤᠭᠤᠷᠠᠭ ᠪᠣᠯᠭᠠᠪᠠᠯ᠂ ᠨᠠᠩ ᠠᠷᠪᠢᠨ ᠺᠠᠯᠼ ᠨᠢ ᠪᠤᠷᠴᠠᠭ ᠤᠨ ᠰᠢᠭᠠᠷᠤ  ᠳᠣᠲᠣᠷ᠎ᠠ ᠦᠯᠡᠳᠡᠨ᠎ᠡ᠃ ᠡᠶᠢᠮᠦ ᠠᠴᠠ᠂ ᠬᠠᠷ᠎ᠠ ᠪᠤᠷᠴᠠᠭ ᠢᠳᠡᠬᠦ᠂ ᠪᠤᠷᠴᠠᠭ ᠤᠨ ᠵᠤᠲᠠᠩ ᠤᠤᠭᠤᠵᠤ ᠺᠠᠯᠼ ᠨᠥᠬᠦᠪᠦᠷᠢᠯᠡᠬᠦ ᠠᠷᠭ᠎ᠠ ᠮᠠᠶ᠋ᠢᠭ ᠢ ᠴᠤ ᠰᠠᠨᠠᠭᠠᠴᠢᠯᠠᠬᠤ  ᠦᠭᠡᠢ᠃            ᠦᠨᠢᠶᠡᠨ ᠰᠦ᠄ ᠨᠠᠰᠤᠨ ᠳᠤ ᠭᠦᠷᠦᠭᠰᠡᠳ ᠡᠳᠦᠷ ᠪᠦᠷᠢ 300 g ᠰᠦ ᠪᠤᠶᠤ ᠴᠠᠭᠠᠨ ᠢᠳᠡᠭᠡ ᠤᠤᠭᠤᠵᠤ ᠢᠳᠡᠬᠦ ᠶᠢ ᠰᠠᠨᠠᠭᠤᠯᠤᠶ᠎ᠠ᠃       ᠪᠤᠷᠴᠠᠭ ᠤᠨ ᠢᠳᠡᠭᠡᠨ᠄ ᠳ᠋ᠧᠦᠹᠦ᠋  ᠶᠢᠨ ᠲᠦᠷᠣᠯ ᠪᠣᠯ ᠺᠠᠯᠼ ᠤᠨ ᠠᠭᠤᠯᠤᠭᠳᠠᠴᠠ ᠨᠡᠯᠢᠶᠡᠳ ᠥᠨᠳᠥᠷ ᠪᠤᠷᠴᠠᠭ ᠤᠨ ᠲᠦᠷᠣᠯ ᠵᠦᠢᠯ ᠪᠣᠯᠣᠨ᠎ᠠ᠃       ᠨᠣᠭᠤᠭᠠᠨ ᠨᠠᠪᠴᠢᠲᠤ ᠢᠳᠡᠰᠢᠨ ᠨᠣᠭᠤᠭ᠎ᠠ᠄ ᠡᠳᠦᠷ ᠪᠦᠷᠢ 300 g  ᠠᠴᠠ 500 g ᠢᠳᠡᠨ᠎ᠡ᠃ ᠨᠣᠭᠤᠭ᠎ᠠ ᠬᠠᠭᠤᠷᠬᠤ ᠠᠴᠠ ᠡᠮᠦᠨ᠎ᠡ ᠢᠳᠡᠰᠢᠨ  ᠨᠣᠭᠤᠭ᠎ᠠ ᠶᠢ ᠤᠰᠤᠨ ᠳᠤ ᠰᠢᠯᠵᠠᠯᠠᠵᠤ᠂ ᠡᠪᠡᠰᠦᠨ ᠬᠦᠴᠢᠯ᠂ ᠤᠷᠭᠤᠮᠠᠯ ᠤᠨ ᠬᠦᠴᠢᠯ ᠵᠡᠷᠭᠡ ᠪᠣᠳᠠᠰ ᠤᠨ ᠺᠠᠯᠼ ᠰᠢᠩᠭᠡᠭᠡᠬᠦ ᠨᠣᠷᠮ᠎ᠠ ᠶᠢ ᠨᠥᠯᠥᠭᠡᠯᠡᠬᠦ ᠠᠴᠠ  ᠵᠠᠶᠢᠯᠠᠰᠬᠢᠬᠦ ᠶᠢ ᠰᠠᠨᠠᠭᠤᠯᠤᠶ᠎ᠠ᠃         ᠭᠡᠷ ᠤᠨ ᠭᠠᠳᠠᠨ᠎ᠠ ᠵᠣᠬᠢᠰᠲᠠᠢ ᠬᠥᠳᠡᠯᠭᠡᠭᠡᠨ ᠬᠢᠵᠦ᠂ ᠸᠢᠲ᠋ᠠᠮᠢᠨ D ᠨᠥᠬᠦᠪᠦᠷᠢᠯᠡᠨ᠎ᠡ᠃ ᠭᠠᠳᠠᠭᠰᠢ ᠭᠠᠷᠴᠤ ᠬᠥᠳᠡᠯᠭᠡᠭᠡᠨ ᠬᠢᠵᠦ᠂ ᠨᠡᠷᠡᠨ ᠳᠤ ᠵᠣᠬᠢᠰᠲᠠᠢ ᠡᠭᠡᠭᠡᠵᠦ᠂ ᠠᠷᠠᠰᠤᠨ ᠳᠤ ᠸᠢᠲ᠋ᠠᠮᠢᠨ D ᠰᠢᠩᠭᠡᠭᠡᠨ᠎ᠡ᠂ ᠭᠡᠬᠦ ᠳᠡᠭᠡᠨ ᠨᠡᠷᠡᠨ ᠳᠤ ᠡᠭᠡᠭᠡᠬᠦ ᠴᠠᠭ ᠪᠠ ᠬᠦᠴᠦᠯᠡᠴᠡ ᠶᠢ ᠠᠩᠬᠠᠷᠴᠤ᠂ ᠠᠷᠠᠰᠤ ᠶᠢ ᠭᠡᠮᠲᠦᠭᠡᠬᠦ ᠠᠴᠠ ᠰᠡᠷᠭᠡᠶᠢᠯᠡᠬᠦ  ᠬᠡᠷᠡᠭᠲᠡᠢ᠃ ᠬᠡᠷᠪᠡ ᠨᠡᠷᠡᠨ ᠤ ᠭᠡᠷᠡᠯ ᠪᠠᠭᠤᠷᠠᠢ ᠪᠤᠶᠤ ᠬᠡᠳᠦ ᠬᠦᠷᠡᠩ ᠰᠠᠴᠤᠷᠠᠭ ᠠᠴᠠ ᠠᠶᠤᠵᠤ ᠪᠠᠶᠢᠪᠠᠯ᠂ ᠪᠠᠰᠠ ᠸᠢᠲ᠋ᠠᠮᠢᠨ D ᠨᠥᠬᠦᠪᠦᠷᠢ ᠡᠮ ᠤᠤᠭᠤᠵᠤ ᠪᠣᠯᠣᠨ᠎ᠠ᠂  ᠡᠳᠦᠷ ᠪᠦᠷᠢ 400 400ᠨᠢᠭᠡᠴᠢ ᠠᠴᠠ ᠬᠡᠲᠦᠷᠡᠭᠦᠯᠵᠦ ᠪᠣᠯᠬᠤ ᠦᠭᠡᠢ᠃            ᠶᠠᠰᠤᠨ ᠱᠥᠯᠥ ᠺᠠᠯᠼ ᠨᠥᠬᠦᠪᠦᠷᠢᠯᠡᠬᠦ ᠨᠢ ᠨᠠᠶᠢᠳᠠᠪᠤᠷᠢ ᠦᠭᠡᠢ᠂ ᠰᠠᠮ ᠬᠤᠷᠣᠬᠠᠢ ᠶᠢᠨ ᠬᠠᠯᠢᠰᠤ ᠢᠳᠡᠵᠦ ᠺᠠᠯᠼ ᠨᠥᠬᠦᠪᠦᠷᠢᠯᠡᠬᠦ ᠨᠢ ᠴᠤ ᠰᠢᠨᠵᠢᠯᠡᠬᠦ  ᠤᠬᠠᠭᠠᠨᠴᠢ ᠪᠢᠰᠢ᠂ ᠺᠠᠯᠼ ᠶᠡᠬᠡᠲᠡᠢ ᠰᠦ ᠪᠠᠷ ᠺᠠᠯᠼ ᠨᠥᠬᠦᠪᠦᠷᠢᠯᠡᠬᠦ ᠴᠦ ᠪᠣᠯᠣᠮᠵᠢ ᠦᠭᠡᠢ ᠪᠠᠶᠢᠵᠤ ᠮᠡᠳᠡᠨ᠎ᠡ᠂ ᠣᠯᠠᠨ ᠢᠶᠠᠷ ᠢᠶᠠᠨ ᠰᠢᠨᠵᠢᠯᠡᠬᠦ ᠤᠬᠠᠭᠠᠨᠴᠢ ᠪᠠᠷ ᠺᠠᠯᠼ  ᠨᠥᠬᠦᠪᠦᠷᠢᠯᠡᠭᠡᠷᠡᠢ︕        
ᠢᠷᠡᠯᠲᠡ᠄ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ