ᠠᠳᠡᠭᠦᠷᠡᠯ ᠨᠢᠭᠡ᠄ ᠤᠷᠭᠤᠮᠠᠯ ᠤᠨ ᠲᠣᠰᠣ ᠶᠢ ᠰᠣᠩᠭᠤᠵᠤ ᠪᠠᠶᠢᠬᠤ ᠨᠢ ︽ᠺᠤᠯᠧᠰᠲ᠋ᠧᠷᠤᠯ ᠦᠭᠡᠢ︾ ᠭᠡᠵᠦ ᠦᠵᠡᠵᠳᠡᠭ᠃ ᠦᠨᠡᠨ ᠳᠡᠭᠡᠨ ᠤᠷᠭᠤᠮᠠᠯ ᠤᠨ | ᠲᠣᠰᠣ ᠳᠤ ᠴᠥᠮ ᠺᠤᠯᠧᠰᠲ᠋ᠧᠷᠤᠯ ᠠᠭᠤᠯᠬᠤ ᠦᠭᠡᠢ ᠤᠴᠢᠷ ᠠᠴᠠ ᠤᠷᠭᠤᠮᠠᠯ ᠤᠨ ᠲᠣᠰᠣ ᠬᠤᠳᠠᠯᠳᠤᠨ ᠠᠪᠬᠤ ᠦᠶᠡᠰ ᠰᠠᠪᠠᠨ ᠳᠡᠭᠡᠷ᠎ᠡ ᠨᠢ ︽ᠺᠤᠯᠧᠰᠲ᠋ᠧᠷᠤᠯ | ᠠᠭᠤᠯᠬᠤ ᠦᠭᠡᠢ︾ ᠭᠡᠵᠦ ᠪᠢᠴᠢᠵᠦ ᠪᠠᠶᠢᠬᠤ ᠡᠰᠡᠬᠦ ᠶᠢ ᠬᠠᠮᠢᠶᠠᠷᠬᠤ ᠬᠡᠷᠡᠭ ᠦᠭᠡᠢ᠃ | ᠠᠳᠡᠭᠦᠷᠡᠯ ᠬᠤᠶᠠᠷ᠄ ᠰᠢᠬᠠᠭᠰᠠᠨ ᠲᠣᠰᠣ ᠨᠢ ᠨᠡᠪᠴᠢᠭᠦᠯᠦᠭᠰᠡᠨ ᠲᠣᠰᠣᠨ ᠠᠴᠠ ᠰᠠᠶᠢᠨ ᠭᠡᠵᠦ ᠦᠵᠡᠳᠡᠭ᠃ ᠦᠨᠡᠨ ᠳᠡᠭᠡᠨ ᠲᠣᠰᠣ ᠶᠢ ᠰᠢᠬᠠᠵᠤ ᠭᠠᠷᠭᠠᠭᠰᠠᠨ | ᠴᠤ ᠲᠡᠷᠡ᠂ ᠨᠡᠪᠴᠢᠭᠦᠯᠵᠦ ᠭᠠᠷᠭᠠᠭᠰᠠᠨ ᠴᠤ ᠲᠡᠷᠡ᠂ ᠵᠢᠩᠬᠢᠨᠢ ᠦᠢᠯᠡᠳᠪᠦᠷᠢ ᠶᠢᠨ ᠦᠢᠯᠡᠳᠪᠦᠷᠢᠯᠡᠭᠰᠡᠨ ᠪᠥᠭᠡᠳ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ | ᠲᠣᠰᠣ ᠯᠠ ᠶᠤᠮ ᠪᠣᠯ ᠴᠥᠮ ᠰᠠᠨᠠᠭ᠎ᠠ ᠠᠮᠤᠷ ᠢᠳᠡᠵᠦ ᠪᠣᠯᠣᠨ᠎ᠠ᠃ ᠥᠪᠡᠷ ᠢᠶᠠᠨ ᠦᠢᠯᠡᠳᠪᠦᠷᠢᠯᠡᠭᠰᠡᠨ᠂ ᠳᠠᠷᠤᠢ ᠴᠤᠯᠤ ᠭᠠᠷ ᠢᠶᠠᠷ ᠰᠢᠬᠠᠵᠤ ᠭᠠᠷᠭᠠᠭᠰᠠᠨ | ᠲᠣᠰᠣᠨ ᠤ ᠲᠤᠬᠠᠢ᠂ ᠣᠨᠴᠠᠭᠠᠶᠢᠯᠠᠨ ᠯᠣᠬᠠᠱᠧᠩ ᠤᠨ ᠲᠣᠰᠣ ᠶᠢ ᠦᠢᠯᠡᠳᠬᠦ ᠶᠠᠪᠤᠴᠠ ᠳᠤ ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ᠤᠨ | ᠪᠤᠵᠠᠷᠲᠤᠯ ᠤᠨ ᠠᠰᠠᠭᠤᠳᠠᠯ ᠣᠷᠣᠰᠢᠵᠤ᠂ ᠣᠷᠳᠣ ᠬᠤᠭᠤᠴᠠᠭ᠎ᠠ ᠪᠠᠷ ᠢᠳᠡᠪᠡᠯ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠵᠤ ᠮᠡᠳᠡᠨ᠎ᠡ᠃ | ᠠᠳᠡᠭᠦᠷᠡᠯ ᠭᠤᠷᠪᠠ᠄ ᠨᠢᠭᠡ ᠤᠳᠠᠭ᠎ᠠ ᠳᠤ ᠨᠢᠭᠡ ᠲᠣᠮᠣ ᠬᠥᠨᠥᠭ ᠲᠣᠰᠣ ᠬᠤᠳᠠᠯᠳᠤᠨ ᠠᠪᠳᠠᠭ ᠤᠨ ᠦᠨᠡᠨ ᠪᠠᠶᠢᠳᠠᠯ᠄ ᠦᠨᠡᠨ ᠳᠡᠭᠡᠨ ᠬᠡᠳᠦᠶᠢᠪᠡᠷ ᠬᠢᠮᠳᠠ | ᠪᠣᠯᠪᠠᠴᠤ᠂ ᠶᠠᠰᠤ ᠴᠢᠨᠠᠷ ᠨᠢ ᠳᠣᠷᠣᠭᠰᠢᠯᠠᠨ᠎ᠠ᠃ ᠲᠣᠮᠣ ᠬᠥᠨᠥᠭ ᠲᠠᠢ ᠲᠣᠰᠣ ᠳᠤ ᠶᠡᠷᠦ ᠨᠢ ᠬᠤᠶᠠᠷ ᠠᠰᠠᠭᠤᠳᠠᠯ ᠣᠷᠣᠰᠢᠵᠤ ᠪᠠᠶᠢᠳᠠᠭ᠄ | 1 . ᠢᠳᠡᠰᠢᠨ ᠲᠣᠰᠣ ᠶᠢ ᠪᠠᠷᠤᠭ ᠪᠦᠷ ᠰᠦᠯᠢᠶᠥᠦ ᠬᠥᠨᠥᠭ ᠲᠤ ᠬᠢᠳᠡᠭ ᠪᠣᠯᠬᠤᠷ ᠵᠠᠷᠢᠮ ᠰᠤᠳᠤᠯᠭᠠᠨ ᠳᠤ ᠬᠡᠯᠡᠬᠦ ᠪᠠᠷ᠂ ᠢᠳᠡᠭᠡᠨ ᠤ ᠲᠣᠰᠣᠨ ᠤ ᠰᠠᠪᠠ | ᠰᠠᠭᠠᠯᠢ ᠶᠢᠨ ᠮᠠᠲ᠋ᠧᠷᠢᠶᠠᠯ ᠳᠣᠲᠣᠷᠠᠬᠢ ᠨᠠᠯᠠᠷᠠᠭᠤᠯᠤᠭᠴᠢ ᠡᠳ᠋ ᠨᠢ ᠢᠳᠡᠰᠢᠨ ᠲᠣᠰᠣᠨ ᠳᠤ ᠠᠭᠤᠰᠳᠠᠭ᠃ | 2 . ᠭᠡᠷᠡᠯ ᠨᠡᠪᠲᠡᠷᠡᠬᠦ ᠴᠢᠨᠠᠷ ᠨᠡᠯᠢᠶᠡᠳ ᠰᠠᠶᠢᠨ ᠤᠴᠢᠷ ᠠᠴᠠ ᠬᠡᠷᠪᠡ ᠬᠠᠳᠠᠭᠠᠯᠠᠬᠤ ᠨᠢ ᠵᠣᠬᠢᠰ ᠦᠭᠡᠢ᠂ ᠤᠷᠲᠤ ᠬᠤᠭᠤᠴᠠᠭ᠎ᠠ ᠪᠠᠷ ᠨᠡᠷᠡᠨ ᠤ ᠭᠡᠷᠡᠯ ᠤᠨ | ᠡᠭᠴᠡ ᠲᠤᠰᠤᠯᠲᠠ ᠶᠢ ᠬᠦᠷᠲᠡᠬᠦ ᠵᠢᠴᠢ ᠪᠢᠲᠡᠭᠦᠮᠵᠢ ᠶᠢ ᠨᠡᠭᠡᠭᠡᠭᠰᠡᠨ ᠤ ᠳᠠᠷᠠᠭ᠎ᠠ ᠪᠢᠲᠡᠭᠦᠮᠵᠢᠯᠡᠬᠦ ᠴᠢᠨᠠᠷ ᠳᠣᠷᠣᠭᠰᠢᠯᠠᠬᠤ ᠵᠡᠷᠭᠡ ᠬᠦᠴᠦᠨ ᠵᠦᠢᠯ ᠪᠠᠶᠢᠪᠠᠯ ᠢᠳᠡᠰᠢᠨ | ᠲᠣᠰᠣᠨ ᠤ ᠢᠰᠦᠯᠳᠦᠵᠦ ᠴᠢᠨᠠᠷ ᠬᠤᠪᠢᠷᠠᠬᠤ ᠶᠢ ᠲᠦᠷᠭᠡᠳᠬᠡᠨ᠎ᠡ᠃ ᠤᠳᠠᠭᠠᠨ ᠲᠠᠯᠪᠢᠭᠰᠠᠨ ᠢᠳᠡᠰᠢᠨ ᠲᠣᠰᠣ ᠠᠴᠠ ᠬᠤᠷᠰᠢᠭᠰᠠᠨ ᠦᠨᠦᠷ ᠦᠨᠦᠷᠲᠦᠭᠳᠡᠳᠡᠭ᠂ ᠡᠨᠡ | ᠨᠢ ᠳᠠᠷᠤᠢ ᠲᠣᠰᠣᠨ ᠤ ᠢᠰᠦᠯᠳᠦᠯ ᠠᠴᠠ ᠪᠣᠯᠤᠭᠰᠠᠨ ᠶᠤᠮ᠃ ᠡᠶᠢᠮᠦ ᠲᠤᠰᠤᠨ ᠤ ᠠᠮᠲᠠ ᠨᠢ ᠪᠠᠭᠤᠷᠠᠬᠤ ᠪᠠᠷ ᠪᠠᠷᠠᠬᠤ ᠦᠭᠡᠢ ᠪᠠᠰᠠ ᠡᠷᠡᠭᠦᠯ ᠴᠢᠭᠢᠷᠠᠭ ᠲᠤ ᠬᠤᠣᠷ | ᠬᠥᠨᠥᠭᠡᠯ ᠲᠠᠢ᠃ ᠡᠶᠢᠮᠦ ᠠᠴᠠ ᠡᠩ ᠤᠨ ᠭᠤᠷᠪᠠᠨ ᠪᠦᠯᠢ ᠲᠠᠢ ᠠᠶᠢᠯ ᠵᠢᠵᠢᠭ ᠰᠠᠪᠠ ᠲᠠᠢ ᠢᠳᠡᠭᠡᠨ ᠤ ᠲᠣᠰᠣ ᠶᠢ ᠬᠤᠳᠠᠯᠳᠤᠨ ᠠᠪᠴᠤ ᠪᠣᠯᠣᠨ᠎ᠠ᠃ ᠬᠠᠮᠤᠭ ᠰᠠᠶᠢᠨ | ᠨᠢ ᠰᠢᠯ ᠯᠣᠩᠬᠤ ᠶᠢ ᠰᠣᠩᠭᠤᠵᠤ ᠠᠪᠬᠤ ᠪᠤᠶᠤ ᠰᠦᠯᠢᠶᠥᠦ ᠰᠠᠪᠠ ᠲᠠᠢ ᠬᠤᠳᠠᠯᠳᠤᠨ ᠠᠪᠴᠢᠷᠠᠭᠰᠠᠨ ᠤ ᠳᠠᠷᠠᠭ᠎ᠠ᠂ ᠴᠠᠭ ᠲᠤᠬᠠᠢ ᠳᠤᠨᠢ ᠬᠠᠭᠤᠷᠠᠢ ᠰᠢᠯ ᠰᠠᠪᠠᠨ ᠳᠤ | ᠶᠡᠭᠦᠯᠡᠵᠦ ᠪᠢᠲᠡᠭᠦᠮᠵᠢᠯᠡᠨ ᠬᠠᠳᠠᠭᠠᠯᠠᠬᠤ ᠬᠡᠷᠡᠭᠲᠡᠢ᠃ | ᠠᠳᠡᠭᠦᠷᠡᠯ ᠳᠥᠷᠪᠡ᠄ ᠤᠷᠲᠤ ᠬᠤᠭᠤᠴᠠᠭ᠎ᠠ ᠪᠠᠷ ᠵᠥᠪᠬᠡᠨ ᠨᠢᠭᠡ ᠵᠦᠢᠯ ᠤᠨ ᠲᠣᠰᠣ ᠶᠢ ᠬᠡᠷᠡᠭᠯᠡᠨ᠎ᠡ᠃ ᠦᠨᠡᠨ ᠳᠡᠭᠡᠨ ᠲᠣᠰᠣ ᠢᠳᠡᠬᠦ ᠳᠤ ᠪᠠᠰᠠ ᠣᠯᠠᠨ | ᠶᠠᠩᠵᠤ ᠶᠢᠨ ᠪᠠᠶᠢᠬᠤ ᠬᠡᠷᠡᠭᠲᠡᠢ᠃ ᠠᠳᠠᠯᠢ ᠪᠤᠰᠤ ᠤᠷᠭᠤᠮᠠᠯ ᠤᠨ ᠲᠣᠰᠣᠨ ᠳᠤ ᠠᠭᠤᠯᠬᠤ ᠥᠭᠡᠬᠦᠨ ᠬᠦᠴᠢᠯ ᠤᠨ ᠲᠥᠷᠥᠯ ᠵᠦᠢᠯ ᠨᠢ ᠠᠳᠠᠯᠢ ᠦᠭᠡᠢ᠂ ᠬᠡᠷᠪᠡ | ᠤᠷᠲᠤ ᠬᠤᠭᠤᠴᠠᠭ᠎ᠠ ᠪᠠᠷ ᠵᠥᠪᠬᠡᠨ ᠨᠢᠭᠡ ᠵᠦᠢᠯ ᠤᠨ ᠤᠷᠭᠤᠮᠠᠯ ᠤᠨ ᠲᠣᠰᠣ ᠶᠢ ᠢᠳᠡᠪᠡᠯ᠂ ᠥᠭᠡᠬᠦᠨ ᠬᠦᠴᠢᠯ ᠨᠢ ᠳᠠᠷᠤᠢ ᠳᠠᠩ ᠴᠤᠯᠭᠤᠢ ᠪᠣᠯᠳᠠᠭ᠃ ᠡᠶᠢᠮᠦ ᠠᠴᠠ | ᠲᠣᠰᠣ ᠶᠢ ᠰᠣᠯᠢᠵᠤ ᠰᠡᠯᠭᠦᠵᠦ ᠢᠳᠡᠪᠡᠯ ᠨᠠᠩ ᠡᠷᠡᠭᠦᠯ ᠴᠢᠭᠢᠷᠠᠭ ᠪᠣᠯᠣᠨ᠎ᠠ᠃ | ᠠᠳᠡᠭᠦᠷᠡᠯ ᠲᠠᠪᠤ᠄ ᠨᠠᠶᠢᠷᠠᠭᠤᠯᠤᠮᠠᠯ ᠲᠣᠰᠣ ᠪᠣᠯ ᠡᠷᠡᠭᠦᠯ ᠮᠡᠨᠳᠦ ᠳᠤ ᠠᠰᠢᠭᠲᠠᠢ ᠭᠡᠵᠦ ᠦᠵᠡᠳᠡᠭ︕ ᠦᠨᠡᠨ ᠳᠡᠭᠡᠨ ᠲᠡᠶᠢᠮᠤ ᠪᠢᠰᠢ ᠶᠤᠮ᠃ ᠨᠠᠶᠢᠷᠠᠭᠤᠯᠤᠮᠠᠯ | ᠲᠣᠰᠣ ᠪᠣᠯ ᠬᠤᠶᠠᠷ ᠠᠴᠠ ᠳᠡᠭᠡᠭᠰᠢ ᠨᠠᠷᠢᠯᠢᠭ ᠪᠣᠯᠪᠠᠰᠤᠷᠠᠭᠤᠯᠤᠭᠰᠠᠨ ᠤᠷᠭᠤᠮᠠᠯ ᠤᠨ ᠲᠣᠰᠣ ᠶᠢ ᠬᠤᠯᠢᠭᠰᠠᠨ ᠢᠳᠡᠰᠢᠨ ᠲᠣᠰᠣ ᠪᠣᠯᠣᠨ᠎ᠠ᠃ ᠤᠷᠭᠤᠮᠠᠯ ᠤᠨ | ᠲᠣᠰᠣ ᠶᠢ ᠨᠠᠷᠢᠯᠢᠭ ᠪᠣᠯᠪᠠᠰᠤᠷᠠᠭᠤᠯᠬᠤ ᠳᠤ ᠡᠰᠡᠷᠭᠦ ᠬᠡᠯᠪᠡᠷᠢ ᠶᠢᠨ ᠥᠭᠡᠬᠦᠨ ᠬᠦᠴᠢᠯ ᠠᠭᠤᠯᠵᠤ ᠪᠠᠶᠢᠳᠠᠭ᠂ ᠡᠰᠡᠷᠭᠦ ᠬᠡᠯᠪᠡᠷᠢ ᠶᠢᠨ ᠥᠭᠡᠬᠦᠨ ᠬᠦᠴᠢᠯ ᠠᠭᠤᠯᠤᠭᠰᠠᠨ | ᠢᠳᠡᠭᠡᠨ ᠢ ᠬᠡᠲᠦᠷᠡᠲᠡᠯ᠎ᠡ ᠢᠳᠡᠪᠡᠯ ᠵᠢᠷᠦᠬᠡᠨ ᠲᠢᠲᠢᠮ ᠤᠨ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠡᠭᠦᠰᠬᠦ ᠲᠦᠭᠰᠢᠭᠦᠷᠢ ᠶᠢ ᠨᠡᠮᠡᠭᠳᠡᠭᠦᠯᠦᠨ᠎ᠡ᠃ | | | |