ᠬᠢᠮᠡᠯ ᠰᠢᠳᠦ ᠬᠢᠯᠭᠡᠬᠦ ᠦᠨ᠎ᠡ ᠶᠢ ᠪᠠᠭᠤᠷᠠᠭᠤᠯᠪᠠ
ᠨᠡᠶᠢᠲᠡᠯᠡᠭᠰᠡᠨ ᠴᠠᠭ᠄
2024/12/5
    ᠤᠯᠤᠰ ᠤᠨ ᠡᠮ ᠡᠮᠨᠡᠯᠭᠡ ᠶᠢᠨ ᠪᠠᠲᠤᠯᠠᠭᠠᠨ ᠤ ᠲᠣᠪᠴᠢᠶ᠎ᠠ 9 ᠳ᠋ᠦ᠋ᠭᠡᠷ ᠰᠠᠷ᠎ᠠ ᠶᠢᠨ 8 ᠤ ᠡᠳᠦᠷ ︽ᠬᠢᠮᠡᠯ ᠰᠢᠳᠣ ᠬᠢᠬᠦ ᠡᠮᠴᠢᠯᠡᠭᠡᠨ ᠤ ᠦᠢᠯᠡᠴᠢᠯᠡᠭᠡᠨ ᠤ  ᠰᠦᠢᠳᠬᠡᠯ ᠬᠤᠷᠢᠶᠠᠬᠤ ᠪᠠ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠲᠤᠰᠬᠠᠶᠢᠯᠠᠨ ᠵᠠᠰᠠᠬᠤ ᠲᠤᠬᠠᠢ ᠤᠯᠤᠰ ᠤᠨ ᠡᠮ ᠡᠮᠨᠡᠯᠭᠡ ᠶᠢᠨ ᠪᠠᠲᠤᠯᠠᠭᠠᠨ ᠤ  ᠲᠣᠪᠴᠢᠶ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠮᠡᠳᠡᠭᠳᠡᠯ ᠳᠤ ᠱᠠᠭᠠᠷᠳᠠᠬᠤ ᠳᠠᠭᠠᠨ᠂ ᠨᠢᠭᠡ ᠰᠢᠳᠣ ᠲᠠᠷᠢᠬᠤ ᠡᠮᠴᠢᠯᠡᠭᠡᠨ ᠤ ᠦᠢᠯᠡᠴᠢᠯᠡᠭᠡᠨ ᠤ ᠬᠡᠰᠡᠭ ᠤᠨ  ᠶᠡᠷᠦᠩᠬᠡᠢ ᠦᠨ᠎ᠡ ᠶᠢ ᠵᠠᠷᠴᠢᠮ ᠳᠡᠭᠡᠷ᠎ᠡ ᠪᠠᠨ 4500 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ ᠭᠡᠵᠡᠢ᠃ ︵ᠡᠭᠦᠳᠡᠨ ᠡᠮᠨᠡᠯᠭᠡ ᠳᠤ ᠣᠨᠣᠰᠢᠯᠠᠨ ᠪᠠᠶᠢᠴᠠᠭᠠᠬᠤ᠂  ᠠᠮᠢᠳᠤ ᠪᠣᠳᠠᠰ ᠤᠨ ᠬᠢᠮᠢ ᠶᠢᠨ ᠰᠢᠯᠭᠠᠨ ᠪᠠᠶᠢᠴᠠᠭᠠᠯᠲᠠ ᠪᠠ ᠸᠢᠳᠢᠤ᠋ ᠪᠠᠶᠢᠴᠠᠭᠠᠯᠲᠠ᠂ ᠰᠢᠳᠣ ᠳᠠᠷᠢᠬᠤ᠂ ᠰᠢᠳᠦᠨ ᠤ ᠪᠡᠶ᠎ᠡ ᠰᠠᠭᠤᠯᠭᠠᠬᠤ ᠵᠡᠷᠭᠡ ᠡᠮᠴᠢᠯᠡᠭᠡᠨ ᠤ  ᠦᠢᠯᠡᠴᠢᠯᠡᠭᠡᠨ ᠤ ᠦᠨ᠎ᠡ ᠶᠢᠨ ᠨᠡᠶᠢᠯᠡᠪᠦᠷᠢ ᠶᠢ ᠵᠢᠭᠠᠵᠤ ᠪᠠᠶᠢᠨ᠎ᠠ᠃ ᠬᠢᠮᠡᠯ ᠰᠢᠳᠣ ᠪᠠ ᠰᠢᠳᠦᠨ ᠤ ᠪᠡᠶ᠎ᠡ ᠪᠠᠭᠲᠠᠬᠤ ᠦᠭᠡᠢ︶ 
ᠢᠷᠡᠯᠲᠡ᠄ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ