ᠡᠶᠢᠮᠦᠷᠬᠦ ᠤᠮᠳᠠᠭᠠᠨ ᠢ ᠤᠤᠭᠤᠪᠠᠯ ᠲᠤᠯᠠᠢ ᠡᠪᠡᠳᠴᠢᠨ ᠢ ᠡᠭᠦᠰᠬᠡᠨ᠎ᠡ ᠭᠡᠨ᠎ᠡ ᠤᠤ︖
ᠨᠡᠶᠢᠲᠡᠯᠡᠭᠰᠡᠨ ᠴᠠᠭ᠄
2024/12/5
     ᠡᠮᠴᠢ ᠶᠢᠨ ᠰᠠᠨᠠᠭᠤᠯᠤᠭᠰᠠᠨ ᠨᠢ᠂ ᠦᠷᠭᠦᠯᠵᠢ ᠨᠡᠭᠦᠷᠡᠰᠦᠬᠦ᠋ᠴᠢᠯ ᠤᠨ ᠤᠮᠳᠠᠭᠠᠨ ᠢ ᠶᠡᠭᠡ ᠬᠡᠮᠵᠢᠶ᠎ᠡ ᠪᠠᠷ ᠤᠤᠭᠤᠪᠠᠯ ᠦᠨᠡᠬᠡᠷ ᠲᠤᠯᠠᠢ ᠡᠪᠡᠳᠴᠢᠨ ᠢ ᠡᠭᠦᠰᠬᠡᠵᠦ  ᠮᠡᠳᠡᠨ᠎ᠡ᠂ ᠭᠤᠣᠯᠳᠠᠭᠤ ᠤᠮᠳᠠᠭᠠᠨ ᠤ ᠳᠣᠲᠣᠷᠠᠬᠢ ᠨᠡᠭᠦᠷᠡᠰᠦᠬᠦ᠋ᠴᠢᠯ ᠠᠴᠠ ᠪᠣᠯᠤᠭᠰᠠᠨ ᠪᠢᠰᠢ᠂ ᠬᠠᠷᠢᠨ ᠲᠡᠭᠦᠨ ᠤ ᠳᠣᠲᠣᠷᠠᠬᠢ ᠰᠢᠬᠢᠷ᠂ ᠢᠯᠠᠩᠭᠤᠶ᠎ᠠ ᠵᠢᠮᠢᠰ ᠤᠨ  ᠰᠢᠬᠢᠷ ᠠᠴᠠ ᠪᠣᠯᠤᠭᠰᠠᠨ ᠶᠤᠮ᠃ ᠵᠢᠮᠢᠰ ᠤᠨ ᠰᠢᠬᠢᠷ ᠢ ᠶᠡᠭᠡ ᠬᠡᠮᠵᠢᠶ᠎ᠡ ᠪᠠᠷ ᠢᠳᠡᠭᠰᠡᠨ ᠤ ᠳᠠᠷᠠᠭ᠎ᠠ᠂ ᠪᠢᠳᠡᠨ ᠤ ᠪᠡᠶ᠎ᠡ ᠳᠣᠲᠣᠷ ᠫᠦᠷᠢᠨ ᠢ ᠡᠭᠦᠰᠬᠡᠵᠦ᠂ ᠲᠡᠭᠦᠨ ᠢ  ᠰᠣᠯᠢᠯᠴᠠᠭ᠎ᠠ ᠬᠢᠭᠰᠡᠨ ᠤ ᠳᠠᠷᠠᠭ᠎ᠠ ᠰᠢᠭᠡᠰᠦᠨ ᠬᠦᠴᠢᠯ ᠢ ᠶᠡᠬᠡᠰᠬᠡᠵᠦ᠂ ᠲᠤᠯᠠᠢ ᠡᠪᠡᠳᠴᠢᠨ ᠡᠭᠦᠰᠬᠡᠨ᠎ᠡ᠃ ᠡᠶᠢᠮᠦ ᠠᠴᠠ ᠰᠢᠬᠢᠷᠯᠢᠭ ᠤᠮᠳᠠᠭᠠᠨ ᠢ ᠬᠡᠳᠦᠢ ᠠᠷᠪᠢᠨ  ᠤᠤᠭᠤᠪᠠᠯ ᠲᠤᠯᠠᠢ ᠡᠪᠡᠳᠴᠢᠨ ᠡᠭᠦᠰᠬᠦ ᠲᠦᠭᠰᠢᠭᠦᠷᠢ ᠨᠢ ᠲᠡᠳᠦᠢ ᠶᠡᠭᠡ ᠪᠠᠶᠢᠳᠠᠭ᠃     ᠡᠮᠴᠢ ᠶᠢᠨ ᠲᠠᠨᠢᠯᠴᠠᠭᠤᠯᠤᠭᠰᠠᠨ ᠢᠶᠠᠷ᠂ ᠰᠢᠬᠢᠷ ᠦᠭᠡᠢ ᠤᠮᠳᠠᠭᠠᠨ ᠤ ᠰᠢᠬᠢᠷᠯᠢᠭ ᠠᠮᠲᠠ ᠨᠢ ᠭᠤᠣᠯᠳᠠᠭᠤ ᠰᠢᠬᠢᠷᠯᠢᠭ ᠡᠳ᠋ ᠠᠴᠠ ᠢᠷᠡᠯᠲᠡ ᠲᠠᠢ᠂  ᠦᠨᠳᠦᠰᠦᠨ ᠳᠡᠭᠡᠨ ᠬᠥᠮᠥᠨ ᠤ ᠪᠡᠶ᠎ᠡ ᠳᠤ ᠰᠢᠩᠭᠡᠭᠡᠭᠳᠡᠬᠦ ᠦᠭᠡᠢ᠂ ᠶᠡᠷᠦᠩᠬᠡᠢ ᠳᠤᠨᠢ ᠠᠪᠴᠤ ᠬᠡᠯᠡᠪᠡᠯ ᠲᠤᠯᠠᠢ ᠡᠪᠡᠳᠴᠢᠨ ᠳᠤ ᠳᠡᠮᠡᠢ ᠨᠥᠯᠥᠭᠡ ᠦᠭᠡᠢ᠃           ᠲᠤᠯᠠᠢ ᠡᠪᠡᠳᠴᠢᠨ ᠢ ᠰᠡᠷᠭᠡᠶᠢᠯᠡᠬᠦ ᠳᠤ ᠡᠩ ᠲᠡᠷᠢᠭᠦᠨ ᠳᠤ ᠠᠷᠢᠬᠢ ᠳᠤ ᠪᠠᠭ᠎ᠠ ᠣᠶᠢᠷᠠᠳ᠂ ᠰᠫᠢᠷᠲ ᠨᠢ ᠪᠡᠶ᠎ᠡ ᠮᠠᠬᠠᠪᠤᠳ ᠲᠤ ᠨᠡᠩ ᠠᠷᠪᠢᠨ ᠫᠦᠷᠢᠨ  ᠡᠭᠦᠰᠬᠡᠳᠡᠭ ᠶᠤᠮ ᠪᠣᠯᠬᠤᠷ ᠪᠠᠭ᠎ᠠ ᠤᠤᠭᠤᠬᠤ ᠪᠤᠶᠤ ᠤᠤᠭᠤᠬᠤ ᠦᠭᠡᠢ ᠪᠠᠶᠢᠪᠠᠯ ᠵᠣᠬᠢᠨ᠎ᠠ᠃ ᠳᠠᠷᠠᠭ᠎ᠠ ᠳᠤᠨᠢ᠂ ᠠᠮᠢᠲᠠᠨ ᠤ ᠳᠣᠲᠣᠷ ᠡᠷᠬᠡᠲᠡᠨ᠂ ᠬᠠᠯᠠᠭᠤᠨ ᠲᠣᠭᠤᠭ᠎ᠠ᠂  ᠳᠠᠯᠠᠢ ᠶᠢᠨ ᠢᠳᠡᠭᠡᠨ ᠵᠡᠷᠭᠡ ᠫᠦᠷᠢᠨ ᠶᠡᠬᠡᠲᠡᠢ ᠢᠳᠡᠭᠡᠨ ᠢ ᠪᠠᠭ᠎ᠠ ᠢᠳᠡᠨ᠎ᠡ᠃ ᠭᠤᠷᠪᠠᠳᠤᠭᠠᠷ ᠲᠤ᠂ ᠤᠰᠤ ᠨᠥᠬᠦᠪᠦᠷᠢᠯᠡᠬᠦ ᠶᠢ ᠠᠩᠬᠠᠷᠴᠤ᠂ ᠢᠯᠡᠭᠦᠬᠡᠨ ᠤᠰᠤ  ᠤᠤᠭᠤᠬᠤ ᠬᠡᠷᠡᠭᠲᠡᠢ᠃ ᠨᠠᠮᠤᠷ ᠡᠪᠦᠯ ᠪᠣᠯᠤᠭᠰᠠᠨ ᠤ ᠳᠠᠷᠠᠭ᠎ᠠ᠂ ᠠᠭᠤᠷ ᠠᠮᠢᠰᠬᠤᠯ ᠰᠡᠷᠢᠭᠦᠨ᠂ ᠭᠠᠩ ᠬᠠᠭᠤᠷᠠᠢ ᠪᠠᠶᠢᠵᠤ᠂ ᠪᠡᠶ᠎ᠡ ᠶᠢᠨ ᠭᠠᠳᠠᠷᠭᠤ ᠠᠴᠠ ᠠᠭᠤᠷᠰᠢᠬᠤ  ᠤᠰᠤ ᠨᠡᠮᠡᠭᠳᠡᠵᠦ᠂ ᠴᠢᠰᠤᠨ ᠳᠣᠲᠣᠷᠠᠬᠢ ᠰᠢᠭᠡᠰᠦᠨ ᠬᠦᠴᠢᠯ ᠤᠨ ᠥᠳᠬᠡᠴᠡ ᠪᠠᠰᠠ ᠳᠡᠭᠡᠭᠰᠢᠯᠡᠭᠡᠳ᠂ ᠲᠤᠯᠠᠢ ᠡᠪᠡᠳᠴᠢᠨ ᠢ ᠡᠭᠦᠰᠬᠡᠨ᠎ᠡ᠃ ᠳᠥᠷᠪᠡᠳᠦᠭᠡᠷ ᠲᠤ᠂  ᠬᠥᠳᠡᠯᠭᠡᠭᠡᠨ ᠢ ᠠᠩᠬᠠᠷ᠃ ᠠᠭᠤᠷ ᠠᠮᠢᠰᠬᠤᠯ ᠬᠦᠢᠲᠡᠷᠡᠭᠰᠡᠨ ᠤ ᠳᠠᠷᠠᠭ᠎ᠠ᠂ ᠡᠳᠦᠷ ᠪᠣᠭᠤᠨᠢᠰᠴᠤ᠂ ᠬᠥᠮᠥᠰ ᠤᠨ ᠬᠥᠳᠡᠯᠭᠡᠭᠡᠨ ᠤ ᠴᠠᠭ ᠨᠢ ᠴᠦ ᠬᠠᠷᠢᠴᠠᠩᠭᠤᠢ ᠪᠠᠷ  ᠪᠠᠭᠠᠰᠤᠨ᠎ᠠ᠃ ᠬᠡᠷᠪᠡ ᠤᠳᠠᠭᠠᠨ ᠰᠠᠭᠤᠭᠠᠳ ᠬᠥᠳᠡᠯᠭᠡᠭᠡᠨ ᠬᠢᠬᠦ ᠦᠭᠡᠢ ᠪᠣᠯ᠂ ᠪᠡᠶ᠎ᠡ ᠶᠢᠨ ᠰᠢᠭᠡᠰᠦᠨ ᠬᠦᠴᠢᠯ ᠢ ᠰᠣᠯᠢᠯᠴᠠᠬᠤ ᠴᠢᠳᠠᠪᠤᠷᠢ ᠳᠣᠷᠣᠭᠰᠢᠯᠠᠵᠤ᠂ ᠲᠤᠯᠠᠢ  ᠡᠪᠡᠳᠴᠢᠨ ᠢ ᠡᠭᠦᠰᠬᠡᠨ᠎ᠡ᠃ 
ᠢᠷᠡᠯᠲᠡ᠄ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ