ᠳᠤᠭᠤᠢ ᠤᠨᠤᠬᠤ ᠨᠢ ᠵᠢᠷᠦᠬᠡ ᠠᠭᠤᠰᠬᠢ ᠶᠢᠨ ᠠᠵᠢᠯᠯᠠᠭ᠎ᠠ᠂ ᠳᠣᠣᠷᠠᠳᠤ ᠮᠥᠴᠢ ᠶᠢᠨ ᠪᠤᠯᠴᠢᠩ ᠰᠢᠷᠪᠦᠰᠦ ᠶᠢᠨ ᠬᠦᠴᠦ ᠴᠢᠳᠠᠯ᠂ ᠰᠡᠳᠬᠢᠴᠡ ᠶᠢᠨ ᠳᠠᠷᠤᠯᠲᠠ ᠶᠢ | ᠬᠥᠩᠭᠡᠷᠡᠭᠦᠯᠬᠦ᠂ ᠤᠷᠲᠤ ᠨᠠᠰᠤᠯᠠᠵᠤ ᠤᠳᠠᠭᠠᠨ ᠵᠢᠷᠭᠠᠬᠤ ᠳᠤ ᠠᠰᠢᠭᠲᠠᠢ᠃ ᠲᠤᠯᠤᠭᠠᠨ ᠰᠠᠶᠢᠨ ᠲᠠᠯ᠎ᠠ ᠨᠢ ᠲᠠ ᠨᠠᠷ ᠢ ᠳᠤᠭᠤᠢ ᠤᠨᠤᠬᠤ ᠳᠤᠷᠠᠲᠠᠢ ᠪᠣᠯᠭᠠᠨ᠎ᠠ᠄ | 1. ᠮᠡᠳᠡᠷᠡᠯ ᠤᠨ ᠰᠢᠰᠲ᠋ᠧᠮ ᠤᠨ ᠴᠢᠳᠠᠮᠵᠢ ᠶᠢ ᠰᠠᠶᠢᠵᠢᠷᠠᠭᠤᠯᠵᠤ᠂ ᠶᠡᠭᠡ ᠲᠠᠷᠢᠬᠢ ᠶᠢ ᠬᠠᠮᠠᠭᠠᠯᠠᠨ᠎ᠠ᠃ ᠳᠤᠭᠤᠢ ᠤᠨᠤᠬᠤ ᠨᠢ ᠮᠡᠳᠡᠷᠡᠯ ᠤᠨ ᠰᠢᠰᠲ᠋ᠧᠮ ᠤᠨ | ᠬᠤᠷᠴᠠᠯᠢᠭ ᠴᠢᠨᠠᠷ ᠢ ᠲᠡᠭᠡᠭᠰᠢᠯᠡᠭᠦᠯᠭᠦ ᠬᠦᠴᠦᠨ ᠲᠠᠢ᠃ ᠶᠡᠭᠡ ᠲᠠᠷᠢᠬᠢ ᠡᠷᠲᠡ ᠮᠠᠭᠤᠳᠠᠬᠤ ᠶᠢ ᠰᠡᠷᠭᠡᠶᠢᠯᠡᠬᠦ ᠶᠢᠨ ᠬᠠᠮᠲᠤ ᠵᠡᠭᠦᠨ ᠪᠠᠷᠠᠭᠤᠨ ᠲᠠᠷᠢᠬᠢ ᠶᠢ | ᠰᠡᠷᠭᠡᠭᠵᠢᠭᠦᠯᠵᠤ᠂ ᠮᠡᠨᠡᠭ ᠡᠪᠡᠳᠴᠢᠨ ᠢ ᠰᠡᠷᠭᠡᠶᠢᠯᠡᠬᠦ ᠳᠤ ᠲᠤᠰᠠᠲᠠᠢ᠃ | 2. ᠵᠢᠷᠦᠬᠡ ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠵᠤ᠂ ᠠᠮᠢ ᠨᠠᠰᠤ ᠶᠢ ᠤᠷᠲᠤᠳᠬᠠᠨ᠎ᠠ᠃ ᠳᠤᠭᠤᠢ ᠤᠨᠤᠭᠠᠳ ᠳᠣᠲᠣᠭᠠᠳᠤ ᠡᠷᠬᠡᠲᠡᠨ ᠳᠤ ᠦᠵᠡᠭᠦᠯᠭᠦ | ᠳᠠᠭᠠᠭᠠᠮᠠᠭᠠᠢ ᠴᠢᠨᠠᠷ ᠤᠨ ᠦᠢᠯᠡᠳᠦᠯ ᠨᠢ ᠤᠰᠤᠨ ᠳᠤ ᠤᠮᠪᠠᠭᠤ ᠪᠠ ᠭᠦᠶᠦᠬᠦ ᠲᠠᠢ ᠠᠳᠠᠯᠢᠬᠠᠨ ᠪᠠᠶᠢᠳᠠᠭ᠂ ᠪᠠᠰᠠ ᠴᠢᠰᠤᠨ ᠪ᠊ ᠡᠷᠭᠢᠯᠲᠡ ᠶᠢ ᠠᠬᠢᠭᠤᠯᠤᠨ᠂ ᠵᠢᠷᠦᠬᠡ | ᠠᠭᠤᠰᠬᠢ ᠶᠢ ᠴᠢᠩᠭᠠᠷᠠᠭᠤᠯᠵᠤ᠂ ᠶᠡᠭᠡ ᠲᠠᠷᠢᠬᠢ ᠪᠠ ᠴᠢᠰᠤᠨ ᠰᠤᠳᠠᠯ ᠤᠨ ᠴᠢᠳᠠᠮᠵᠢ ᠶᠢ ᠳᠡᠭᠡᠭᠰᠢᠯᠡᠭᠦᠯᠦᠨ᠂ ᠤᠷᠲᠤ ᠨᠠᠰᠤᠯᠠᠵᠤ ᠤᠳᠠᠭᠠᠨ ᠵᠢᠷᠭᠠᠬᠤ ᠳᠤ ᠦᠢᠯᠡᠳᠦᠯ | ᠦᠵᠡᠭᠦᠯᠳᠡᠭ᠃ ᠰᠤᠳᠤᠯᠭᠠᠨ ᠤ ᠦᠷ᠎ᠡ ᠳ᠋ᠦᠢᠩ ᠳᠤ᠂ ᠦᠷᠭᠦᠯᠵᠢ ᠳᠤᠭᠤᠢ ᠤᠨᠤᠳᠠᠭ ᠬᠥᠮᠥᠨ ᠵᠢᠷᠦᠬᠡᠨ ᠤ ᠡᠪᠡᠳᠴᠢᠨ ᠳᠤ ᠨᠡᠷᠪᠡᠭᠳᠡᠬᠦ ᠨᠤᠷᠮ᠎ᠠ ᠨᠢ ᠵᠠᠭᠤᠨ ᠤ | ᠲᠠᠪᠢ ᠪᠠᠷ ᠪᠠᠭᠤᠷᠠᠬᠤ ᠪᠣᠯᠣᠨ᠎ᠠ᠃ | 3. ᠰᠢᠬᠢᠷ ᠰᠢᠵᠢᠩ ᠡᠪᠡᠳᠴᠢᠨ ᠢ ᠰᠡᠷᠭᠡᠶᠢᠯᠡᠨ᠎ᠡ᠃ ᠡᠮᠦᠨᠡᠲᠦ ᠳ᠋ᠠᠨᠮᠠᠷᠺ ᠶᠡᠭᠡ ᠰᠤᠷᠭᠠᠭᠤᠯᠢ ᠶᠢᠨ ᠡᠷᠳᠡᠮᠲᠡᠳ ᠤᠨ ᠰᠤᠳᠤᠯᠭᠠᠨ ᠢᠶᠠᠷ ᠢᠯᠡᠷᠡᠭᠦᠯᠦᠭᠰᠡᠨ ᠨᠢ᠂ | ᠦᠷᠭᠦᠯᠵᠢ ᠳᠤᠭᠤᠢ ᠤᠨᠤᠪᠠᠯ ᠬᠥᠮᠥᠰ ᠤᠨ ᠬᠥᠳᠡᠯᠭᠡᠭᠡᠨ ᠤ ᠬᠡᠮᠵᠢᠶ᠎ᠡ ᠶᠢ ᠲᠡᠭᠡᠭᠰᠢᠯᠡᠭᠦᠯᠵᠤ᠂ ᠪᠡᠶ᠎ᠡ ᠶᠢᠨ ᠬᠦᠨᠳᠦ ᠪᠠᠨ ᠡᠵᠡᠮᠳᠡᠵᠦ᠂ ᠰᠢᠬᠢᠷ ᠰᠢᠵᠢᠩ ᠡᠪᠡᠳᠴᠢᠨ | ᠣᠯᠬᠤ ᠨᠤᠷᠮ᠎ᠠ ᠶᠢ ᠪᠠᠭᠤᠷᠠᠭᠤᠯᠤᠨ᠎ᠠ᠃ | 4. ᠳᠠᠭᠠᠭᠠᠮᠠᠭᠠᠢ ᠴᠢᠨᠠᠷ ᠢ ᠨᠡᠮᠡᠭᠳᠡᠭᠦᠯᠵᠦ᠂ ᠪᠤᠯᠴᠢᠩ ᠰᠢᠷᠪᠦᠰᠦ ᠪᠠᠨ ᠪᠣᠯᠪᠠᠰᠤᠷᠠᠭᠤᠯᠬᠤ ᠳᠤ ᠲᠤᠰᠠᠲᠠᠢ᠃ ᠠᠭᠠᠵᠢᠮ ᠭᠦᠶᠦᠬᠦ ᠵᠡᠷᠭᠡ ᠲᠠᠢ ᠬᠠᠷᠢᠴᠠᠭᠤᠯᠪᠠᠯ᠂ | ᠳᠤᠭᠤᠢ ᠤᠨᠤᠬᠤ ᠨᠢ ᠪᠤᠯᠴᠢᠩ ᠰᠢᠷᠪᠦᠰᠦ ᠳᠤ ᠥᠭᠬᠦ ᠳᠠᠷᠤᠯᠲᠠ ᠨᠢ ᠪᠠᠭ᠎ᠠ᠃ ᠰᠤᠳᠤᠯᠭᠠᠨ ᠢᠶᠠᠷ ᠢᠯᠡᠷᠡᠭᠦᠯᠦᠭᠰᠡᠨ ᠨᠢ᠂ ᠳᠤᠭᠤᠢ ᠤᠨᠤᠬᠤ ᠨᠢ ᠪᠤᠯᠴᠢᠩ ᠰᠢᠷᠪᠦᠰᠦ᠂ | ᠦᠶ᠎ᠡ ᠭᠡᠰᠢᠭᠦᠦ ᠶᠢ ᠪᠣᠯᠪᠠᠰᠤᠷᠠᠭᠤᠯᠬᠤ ᠮᠥᠷᠲᠡᠭᠡᠨ ᠪᠦᠭᠦ ᠪᠡᠶ᠎ᠡ ᠶᠢᠨ ᠲᠡᠰᠪᠦᠷᠢᠲᠦ ᠴᠢᠨᠠᠷ ᠢ ᠲᠡᠭᠡᠭᠰᠢᠯᠡᠭᠦᠯᠤᠨ᠎ᠠ᠃ | 5. ᠪᠡᠯᠭᠡ ᠶᠢᠨ ᠴᠢᠳᠠᠪᠤᠷᠢ ᠶᠢ ᠰᠠᠶᠢᠵᠢᠷᠠᠭᠤᠯᠬᠤ ᠪᠣᠯᠣᠨ᠎ᠠ᠃ ᠤᠷᠳᠤ ᠬᠤᠭᠤᠴᠠᠭ᠎ᠠ ᠪᠠᠷ ᠳᠤᠭᠤᠢ ᠲᠡᠷᠭᠡ ᠶᠢ ᠵᠥᠪ ᠤᠨᠤᠪᠴᠢᠳᠠᠢ ᠤᠨᠤᠬᠤ ᠨᠢ ᠡᠷᠡᠭᠲᠡᠢ ᠶᠢᠨ | ᠪᠡᠯᠭᠡ ᠶᠢᠨ ᠴᠢᠳᠠᠪᠤᠷᠢ ᠶᠢ ᠰᠠᠶᠢᠵᠢᠷᠠᠭᠤᠯᠵᠤ ᠴᠢᠳᠠᠨ᠎ᠠ᠃ | 6. ᠮᠠᠷᠢᠶ᠎ᠠ ᠶᠢ ᠰᠢᠭᠤᠷᠠᠭᠤᠯᠵᠤ᠂ ᠪᠡᠶ᠎ᠡ ᠶᠢᠨ ᠬᠡᠯᠪᠡᠷᠢ ᠶᠢ ᠭᠤᠶᠤ ᠪᠤᠯᠭᠠᠬᠤ ᠮᠥᠷᠲᠡᠭᠡᠨ ᠴᠢᠭᠢᠷᠠᠭ ᠪᠣᠯᠭᠠᠨ᠎ᠠ᠃ ᠳᠤᠭᠤᠢ ᠤᠨᠤᠬᠤ ᠨᠢ ᠬᠠᠮᠤᠭ ᠰᠠᠶᠢᠨ | ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠳᠤᠭᠤᠢ ᠤᠨᠤᠬᠤ ᠦᠶᠡᠰ ᠬᠥᠮᠥᠨ ᠤ ᠪᠡᠶ᠎ᠡ ᠶᠢᠨ ᠢᠯᠴᠢ ᠶᠢ ᠭᠠᠳᠠᠭᠰᠢᠯᠠᠭᠤᠯᠵᠤ᠂ ᠪᠡᠶ᠎ᠡ ᠶᠢᠨ ᠬᠡᠯᠪᠡᠷᠢ ᠶᠠᠩᠵᠤ ᠶᠢ | ᠨᠡᠩ ᠭᠤᠶᠤ ᠮᠥᠷᠲᠡᠭᠡᠨ ᠴᠢᠭᠢᠷᠠᠭ ᠪᠣᠯᠭᠠᠨ᠎ᠠ᠃ | 7. ᠬᠥᠮᠥᠨ ᠢ ᠨᠠᠩ ᠪᠠᠶᠠᠰᠤᠩᠭᠤᠢ ᠪᠣᠯᠭᠠᠨ᠎ᠠ᠃ ᠠᠮᠧᠷᠢᠺᠠ ᠶᠢᠨ ᠨᠢᠭᠡᠨ ᠶᠡᠭᠡ ᠰᠤᠷᠭᠠᠭᠤᠯᠢ ᠶᠢᠨ ᠡᠷᠳᠡᠮᠲᠡᠨ ᠤ ᠰᠤᠳᠤᠯᠭᠠᠨ ᠠᠴᠠ ᠣᠯᠵᠤ ᠮᠡᠳᠡᠭᠰᠡᠨ ᠨᠢ᠂ | ᠪᠤᠰᠤᠳ ᠵᠠᠮ ᠬᠠᠷᠢᠯᠴᠠᠭᠠᠨ ᠤ ᠪᠠᠭᠠᠵᠢ ᠲᠠᠢ ᠬᠠᠷᠢᠴᠠᠭᠤᠯᠪᠠᠯ᠂ ᠬᠥᠮᠥᠰ ᠳᠤᠭᠤᠢ ᠤᠨᠤᠵᠤ ᠶᠠᠪᠤᠬᠤ ᠦᠶ᠎ᠡ ᠶᠢᠨ ᠤᠷᠮ᠎ᠠ ᠰᠡᠳᠬᠢᠴᠡ ᠶᠢᠨ ᠪᠠᠶᠢᠳᠠᠯ ᠬᠠᠮᠤᠭ ᠰᠠᠶᠢᠨ᠂ | ᠰᠡᠳᠬᠢᠯ ᠤᠨ ᠳᠠᠷᠤᠭᠠᠰᠤ ᠶᠢ ᠳᠠᠭᠠᠭᠠᠬᠤ ᠴᠢᠳᠠᠪᠤᠷᠢ ᠬᠠᠮᠤᠭ ᠰᠠᠶᠢᠨ᠂ ᠨᠠᠩ ᠠᠮᠢᠵᠢᠷᠠᠯ ᠤᠨ ᠬᠦᠴᠦᠨ ᠪᠠ ᠢᠲᠡᠭᠡᠯ ᠲᠠᠢ ᠪᠣᠯᠵᠤ᠂ ᠡᠭᠦᠨ ᠤ ᠤᠯᠠᠮ ᠠᠴᠠ ᠰᠡᠳᠬᠢᠴᠡ | ᠨᠢ ᠡᠷᠡᠭᠦᠯ ᠴᠢᠭᠢᠷᠠᠭ ᠪᠣᠯᠵᠤ᠂ ᠬᠥᠮᠥᠰ ᠢ ᠨᠠᠩ ᠪᠠᠶᠠᠰᠤᠩᠭᠤᠢ ᠪᠣᠯᠭᠠᠨ᠎ᠠ᠃ | | | |