ᠪᠤᠯᠴᠢᠩ ᠬᠢᠭᠡᠳ ᠴᠡᠭᠡᠵᠢᠯᠡᠬᠦ ᠴᠢᠳᠠᠪᠤᠷᠢ
ᠨᠡᠶᠢᠲᠡᠯᠡᠭᠰᠡᠨ ᠴᠠᠭ᠄
2024/12/5
    ᠠᠦ᠋ᠰᠲᠷᠠᠯᠢᠶ᠎ᠠ ᠶᠢᠨ ᠰᠢᠨ᠎ᠡ ᠸᠢᠷᠱ ᠵᠧᠦ ᠶᠢᠨ ᠶᠡᠭᠡ ᠰᠤᠷᠭᠠᠭᠤᠯᠢ ᠶᠢᠨ ᠶᠡᠭᠡ ᠲᠠᠷᠢᠬᠢᠨ ᠤ ᠡᠷᠡᠭᠦᠯᠵᠢᠯ ᠤᠨ ᠲᠥᠪ ᠤᠨ ᠰᠤᠳᠤᠯᠭᠠᠲᠠᠳ ᠤᠨ ᠣᠯᠵᠤ  ᠮᠡᠳᠡᠭᠰᠡᠨ ᠢᠶᠠᠷ᠂ ᠪᠤᠯᠴᠢᠩ ᠢᠶᠠᠨ ᠪᠣᠯᠪᠠᠰᠤᠷᠠᠪᠠᠯ ᠬᠥᠮᠥᠨ ᠤ ᠲᠠᠨᠢᠬᠤᠢ ᠶᠢᠨ ᠴᠢᠳᠠᠪᠤᠷᠢ ᠶᠢ ᠲᠡᠭᠡᠭᠰᠢᠯᠡᠭᠦᠯᠵᠦ᠂ ᠴᠡᠭᠡᠵᠢᠯᠡᠬᠦ ᠴᠢᠳᠠᠪᠤᠷᠢ ᠶᠢ ᠳᠡᠭᠡᠭᠰᠢᠯᠡᠭᠦᠯᠳᠡᠭ᠃  ᠪᠤᠯᠴᠢᠩ ᠤᠨ ᠴᠢᠳᠠᠯ ᠬᠢᠭᠡᠳ ᠶᠡᠭᠡ ᠲᠠᠷᠢᠬᠢᠨ ᠤ ᠲᠠᠨᠢᠬᠤᠢ ᠶᠢᠨ ᠴᠢᠳᠠᠪᠬᠢ ᠶᠢᠨ ᠬᠤᠭᠤᠷᠤᠨᠳᠣᠬᠢ ᠬᠠᠷᠢᠴᠠᠭ᠎ᠠ ᠶᠢ ᠭᠦᠨᠵᠡᠭᠡᠢ ᠰᠦᠪᠡᠭᠴᠢᠯᠡᠬᠦ ᠶᠢᠨ ᠲᠥᠯᠥᠭᠡ᠂  ᠰᠤᠳᠤᠯᠭᠠᠲᠠᠳ ᠬᠡᠰᠡᠭ ᠬᠥᠩᠭᠡᠨ ᠰᠢᠭ ᠲᠠᠨᠢᠬᠤᠢ ᠶᠢᠨ ᠴᠢᠳᠠᠪᠤᠷᠢ ᠶᠢᠨ ᠬᠠᠷᠰᠢ ᠲᠠᠢ ᠰᠠᠶᠢᠨ ᠳᠣᠷᠠᠴᠤᠤᠯ ᠢ ᠡᠯᠰᠡᠨ ᠳᠤᠭᠤᠶᠢᠯᠠᠩ ᠬᠤᠪᠢᠶᠠᠵᠤ ᠬᠡᠮᠵᠢᠨ  ᠲᠤᠷᠰᠢᠭᠰᠠᠨ ᠤ ᠬᠠᠮᠲᠤ ᠲᠡᠳᠡᠨ ᠤ ᠲᠠᠷᠢᠬᠢᠨ ᠤ ᠬᠡᠰᠡᠭ ᠤᠨ ᠲᠠᠮᠢᠷ ᠤᠨ ᠬᠥᠳᠡᠯᠭᠡᠭᠡᠨ ᠤ ᠪᠠᠶᠢᠳᠠᠯ ᠢ ᠬᠡᠮᠵᠢᠪᠡ᠃ ᠨᠢᠭᠡ ᠳᠤᠭᠤᠶᠢᠯᠠᠩ ᠤᠨ ᠰᠠᠶᠢᠨ ᠳᠤᠷᠠᠴᠤᠤᠯ ᠢᠶᠠᠷ  ᠭᠠᠷᠠᠭ ᠪᠦᠷᠢ ᠬᠤᠶᠠᠷ ᠤᠳᠠᠭ᠎ᠠ ᠬᠦᠨᠳᠦ ᠶᠢ ᠡᠷᠭᠦᠭᠦᠯᠦᠨ᠂ ᠡᠭᠦᠨ ᠢ 6 ᠰᠠᠷ᠎ᠠ ᠪᠠᠷᠢᠮᠲᠠᠯᠠᠭᠤᠯᠪᠠ︔ ᠨᠦᠭᠦᠭᠡ ᠨᠢᠭᠡ ᠳᠤᠭᠤᠶᠢᠯᠠᠩ ᠤᠨ ᠬᠢᠨ ᠢᠶᠠᠷ ᠶᠠᠮᠠᠷ ᠴᠤ  ᠪᠣᠯᠪᠠᠰᠤᠷᠠᠯ ᠬᠢᠯᠭᠡᠭᠰᠡᠨ ᠦᠭᠡᠢ᠃ ᠡᠭᠦᠨ ᠤ ᠲᠠᠷᠠᠭ᠎ᠠ ᠰᠤᠳᠤᠯᠭᠠᠲᠠᠳ ᠨᠠᠰᠤᠵᠢᠯ ᠤᠨ ᠮᠡᠨᠡᠭ ᠡᠪᠡᠳᠴᠢᠨ ᠢ ᠦᠨᠡᠯᠡᠬᠦ ᠵᠠᠭᠪᠤᠷ ᠢᠶᠠᠷ ᠰᠤᠳᠤᠯᠭᠠᠨ ᠤ  ᠨᠢᠭᠤᠷᠯᠠᠯ ᠤᠨ ᠢᠶᠠᠨ ᠲᠠᠨᠢᠬᠤᠢ ᠶᠢᠨ ᠴᠢᠳᠠᠪᠤᠷᠢ ᠳᠤ ᠦᠨᠡᠯᠡᠯᠲᠡ ᠬᠢᠪᠡ᠃ ᠡᠭᠦᠨ ᠳᠤ᠂ ᠪᠤᠯᠴᠢᠩ ᠪᠣᠯᠪᠠᠰᠤᠷᠠᠭᠰᠠᠨ ᠰᠠᠶᠢᠨ ᠳᠣᠷᠠᠴᠣᠣᠯ ᠤᠨ ᠶᠡᠭᠡ ᠲᠠᠷᠢᠬᠢᠨ ᠤ  ᠲᠠᠨᠢᠬᠤᠢ ᠶᠢᠨ ᠬᠡᠮᠵᠢᠶ᠎ᠡ ᠨᠢ ᠪᠣᠯᠪᠠᠰᠤᠷᠠᠭᠰᠠᠨ ᠦᠭᠡᠢ ᠳᠤᠭᠤᠶᠢᠯᠠᠩ ᠤᠨ ᠬᠢᠨ ᠠᠴᠠ ᠢᠯᠡᠳᠲᠡ ᠥᠨᠳᠥᠷ ᠪᠠᠶᠢᠵᠤ᠂ ᠴᠡᠭᠡᠵᠢᠯᠡᠬᠦ ᠴᠢᠳᠠᠪᠤᠷᠢ ᠨᠢ ᠴᠤ ᠨᠡᠩ ᠰᠠᠶᠢᠨ  ᠪᠠᠶᠢᠪᠠ᠃ ᠰᠤᠳᠤᠯᠭᠠᠲᠠᠳ ᠤᠨ ᠢᠯᠡᠷᠬᠡᠶᠢᠯᠡᠭᠰᠡᠨ ᠢᠶᠠᠷ᠂ ᠪᠤᠯᠴᠢᠩ ᠤᠨ ᠴᠢᠳᠠᠯ ᠬᠡᠳᠦᠢ ᠶᠡᠭᠡ ᠪᠣᠯ ᠶᠡᠭᠡ ᠲᠠᠷᠢᠬᠢᠨ ᠳᠤ ᠲᠡᠳᠦᠢ ᠲᠤᠰᠠᠲᠠᠢ᠃ ᠬᠡᠷᠪᠡ ᠨᠡᠩ ᠤᠯᠠᠨ  ᠨᠠᠰᠤᠲᠠᠶᠢᠴᠤᠤᠯ ᠢᠶᠠᠷ ᠪᠤᠯᠴᠢᠩ ᠤᠨ ᠪᠣᠯᠪᠠᠰᠤᠷᠠᠯ ᠬᠢᠯᠭᠡᠪᠡᠯ ᠲᠡᠳᠡᠨ ᠤ ᠡᠷᠡᠭᠦᠯ ᠮᠡᠨᠳᠦ ᠳᠤ ᠨᠡᠩ ᠲᠤᠰᠠᠲᠠᠢ ᠪᠠᠶᠢᠵᠤ᠂ ᠨᠠᠰᠤᠨ ᠬᠤᠲᠤᠭ ᠨᠢ ᠨᠡᠩ ᠣᠷᠳᠣ ᠪᠣᠯᠣᠨ᠎ᠠ᠃ ᠨᠠᠰᠤᠲᠠᠶᠢᠴᠤᠤᠯ ᠭᠠᠷᠠᠭ ᠲᠤ ᠨᠠᠭᠠᠲᠤ ᠵᠠᠬ᠎ᠠ ᠳᠠᠭᠠᠨ ᠬᠤᠶᠠᠷ ᠤᠳᠠᠭ᠎ᠠ ᠪᠤᠯᠴᠢᠩ ᠢᠶᠠᠨ ᠪᠤᠯᠪᠠᠰᠤᠷᠠᠭᠤᠯᠵᠤ᠂ ᠵᠣᠬᠢᠬᠤ ᠬᠡᠪᠴᠢᠶᠡᠨ ᠳᠤ ᠪᠣᠯᠪᠠᠰᠤᠷᠠᠬᠤ ᠡᠷᠴᠢᠮ ᠢᠶᠠᠨ  ᠨᠡᠯᠢᠶᠡᠳ ᠥᠨᠳᠥᠷ ᠲᠦᠪᠰᠢᠨ ᠳᠤ ᠪᠠᠶᠢᠯᠭᠠᠪᠠᠯ ᠤᠢ ᠪᠢᠯᠢᠭ ᠲᠤᠨᠢ ᠮᠠᠰᠢ ᠲᠤᠰᠠᠲᠠᠢ᠃  
ᠢᠷᠡᠯᠲᠡ᠄ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ