ᠵᠠᠩ ᠠᠭᠠᠰᠢ ᠶᠢ ᠵᠣᠬᠢᠬᠤ ᠲᠠᠯ᠎ᠠ ᠪᠠᠷ ᠨᠥᠯᠥᠭᠡᠯᠡᠳᠡᠭ ᠪᠠᠶᠢᠨ᠎ᠠ᠃ ᠲᠠᠮᠢᠷ ᠤᠨ ᠬᠥᠳᠡᠯᠭᠡᠭᠡᠨ ᠤ ᠲᠤᠬᠠᠢ ᠰᠤᠳᠤᠯᠭᠠᠨ ᠳᠤ ᠭᠡᠷᠡᠴᠢᠯᠡᠭᠰᠡᠨ ᠢᠶᠠᠷ᠂ ᠡᠯ᠎ᠡ ᠲᠥᠷᠤᠯ ᠤᠨ | ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠤᠯᠴᠠᠬᠤ ᠨᠢ ᠥᠪᠡᠷ ᠢ ᠪᠠᠨ ᠡᠵᠡᠮᠳᠡᠬᠦ ᠴᠢᠳᠠᠪᠤᠷᠢ᠂ ᠢᠲᠡᠭᠡᠯ ᠵᠣᠷᠢᠭ ᠢ ᠡᠷᠴᠢᠯᠡᠬᠦ ᠳᠤ ᠨᠥᠯᠥᠭᠡ ᠦᠵᠡᠭᠦᠯᠦᠨ ᠪᠠᠭ᠎ᠠ | ᠨᠠᠰᠤᠨ ᠤ ᠬᠡᠦᠬᠡᠳ ᠤᠨ ᠡᠷᠡᠭᠦᠯ ᠰᠠᠷᠠᠭᠤᠯ ᠵᠠᠩ ᠴᠢᠨᠠᠷ ᠲᠠᠢ ᠪᠣᠯᠣᠨ ᠬᠥᠮᠥᠵᠢᠬᠦ ᠳᠤ ᠮᠠᠰᠢ ᠲᠤᠰᠠᠲᠠᠢ ᠪᠣᠯᠬᠤᠷ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠢ | ᠬᠡᠦᠬᠡᠳ ᠪᠠᠭᠠᠴᠤᠳ ᠲᠤ ᠢᠯᠡᠭᠦᠬᠡᠨ ᠬᠢᠯᠬᠡᠵᠤ ᠲᠠᠰᠬᠠᠯᠵᠢᠭᠤᠯᠪᠠᠯ ᠵᠣᠬᠢᠨ᠎ᠠ᠃ ᠬᠥᠯ ᠪᠥᠮᠪᠦᠭᠡ᠂ ᠠᠯᠠᠭᠠᠳᠠᠬᠤ ᠪᠥᠮᠪᠦᠭᠡ᠂ ᠬᠦᠴᠦᠨ ᠵᠠᠯᠭᠠᠵᠤ ᠭᠦᠶᠦᠬᠦ᠂ ᠳᠡᠭᠡᠰᠦ | ᠲᠠᠲᠠᠬᠤ ᠵᠡᠷᠭᠡ ᠬᠠᠮᠲᠤ ᠨᠡᠶᠢᠲᠡᠴᠢ ᠴᠢᠨᠠᠷ ᠲᠠᠢ ᠬᠥᠳᠡᠯᠭᠡᠭᠡᠨ ᠳᠤ ᠣᠷᠣᠯᠴᠠᠪᠠᠯ ᠭᠠᠭᠴᠠᠭᠠᠷᠳᠠᠮᠠᠯ᠂ ᠵᠥᠷᠢᠭᠦᠳ ᠵᠠᠩ ᠠᠭᠠᠰᠢ ᠶᠢ ᠰᠠᠶᠢᠵᠢᠷᠠᠭᠤᠯᠵᠤ ᠨᠠᠶᠢᠵᠠ | ᠨᠥᠬᠦᠳ ᠲᠠᠢ ᠪᠠᠨ ᠬᠠᠷᠢᠴᠠᠭ᠎ᠠ ᠪᠠᠨ ᠪᠠᠲᠤᠳᠬᠠᠵᠤ᠂ ᠪᠦᠯᠬᠦᠮᠳᠡᠵᠦ ᠴᠢᠳᠠᠨ᠎ᠠ᠃ ᠤᠰᠤᠨ ᠳᠤ ᠤᠮᠪᠠᠭᠤ᠂ ᠮᠥᠰᠥᠨ ᠳᠤ ᠲᠠᠰᠢᠬᠤ᠂ ᠨᠢᠳᠤᠷᠭᠠᠨ ᠲᠡᠮᠡᠴᠡᠭᠡᠨ᠂ ᠪᠥᠬᠡ | ᠪᠠᠷᠢᠯᠳᠤᠬᠤ᠂ ᠲᠠᠩ ᠬᠤᠣᠰ ᠰᠠᠪᠠᠯᠠᠭᠤᠷ ᠵᠢᠴᠢ ᠬᠤᠯᠠ ᠬᠠᠷᠠᠶᠢᠯᠲᠠ ᠶᠢᠨ ᠲᠠᠮᠢᠷ ᠤᠨ ᠬᠥᠳᠡᠯᠭᠡᠭᠡᠨ ᠨᠢ ᠬᠠᠷᠰᠢ ᠰᠠᠭᠠᠳ ᠢ ᠲᠤᠭᠤᠯᠬᠤ ᠡᠷᠡᠮᠡᠬᠡᠢ ᠵᠣᠷᠢᠭ | ᠲᠠᠶᠢᠪᠤᠯᠭᠠᠵᠤ ᠢᠴᠢᠮᠡᠲᠡᠭᠡᠢ ᠪᠦᠷᠦᠭ ᠵᠠᠩ ᠢᠶᠠᠨ ᠬᠠᠯᠠᠬᠤ ᠳᠤ ᠰᠠᠶᠢᠨ ᠨᠥᠯᠥᠭᠡ ᠲᠠᠢ᠂ ᠫᠢᠡᠭᠫᠤᠡᠭ ᠪᠥᠮᠪᠦᠭᠡ᠂ ᠲᠣᠣᠷ ᠪᠥᠮᠪᠦᠭᠡ᠂ ᠥᠳᠤᠨ ᠪᠥᠮᠪᠦᠭᠡ᠂ ᠥᠨᠳᠥᠷ | ᠦᠰᠦᠷᠬᠦ᠂ ᠬᠤᠯᠠ ᠬᠠᠷᠠᠶᠢᠬᠤ ᠨᠢ ᠠᠵᠢᠯ ᠶᠠᠪᠤᠳᠠᠯ ᠬᠢᠬᠦ ᠳᠤ ᠡᠷᠡᠰ ᠲᠠᠰᠤᠷᠬᠠᠢ ᠥᠪᠡᠷᠮᠢᠴᠡ ᠴᠢᠨᠠᠷ ᠢ ᠬᠥᠮᠥᠵᠢᠭᠦᠯᠬᠦ ᠳᠤ ᠠᠴᠢ ᠲᠤᠰᠠᠲᠠᠢ᠂ ᠰᠢᠲᠠᠷ᠎ᠠ ᠲᠠᠯᠪᠢᠬᠤ᠂ | ᠤᠳᠠᠭᠠᠨ ᠭᠦᠶᠦᠬᠦ᠂ ᠬᠤᠯᠠ ᠠᠯᠬᠤᠬᠤ ᠨᠢ ᠥᠪᠡᠷ ᠢ ᠪᠠᠨ ᠡᠵᠡᠮᠳᠡᠬᠦ ᠬᠦᠯᠢᠴᠡᠩᠭᠦᠢ ᠯᠠᠪᠳᠠᠭᠤᠨ ᠵᠠᠩ ᠠᠭᠠᠰᠢ ᠶᠢ ᠪᠤᠢ ᠪᠣᠯᠭᠠᠨ᠎ᠠ᠃ ᠬᠡᠪ ᠴᠢᠨᠠᠷ ᠤᠨ ᠪᠣᠯᠪᠠᠰᠤᠷᠠᠯ | ᠤᠤᠷᠴᠢᠳᠠᠪᠤᠷᠢ ᠶᠢ ᠬᠥᠮᠥᠵᠢᠭᠦᠯᠬᠦ ᠳᠤ ᠬᠦᠴᠦ ᠲᠠᠯᠪᠢᠭ᠎ᠠ ᠤᠳᠤ ᠴᠠᠭ ᠤᠨ ᠭᠡᠷ ᠤᠨ ᠠᠬᠠᠮᠠᠳ ᠨᠠᠷ ᠬᠡᠦᠬᠡᠳ ᠢᠶᠠᠨ ᠪᠢᠲᠡᠭᠡᠢ ᠠᠩᠭ᠍ᠯᠢ ᠬᠡᠯᠡ᠂ ᠬᠥᠭᠵᠢᠮ᠂ | ᠺᠤᠮᠫᠢᠦ᠋ᠲ᠋ᠧᠷ ᠲᠤ ᠤᠶᠠᠭᠠᠳ ᠪᠠᠶᠢᠭᠠᠷᠠᠢ︕ ᠡᠯ᠎ᠡ ᠲᠥᠷᠤᠯ ᠤᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠡᠷᠡᠭᠦᠯ ᠴᠢᠭᠢᠷᠠᠭ᠂ ᠰᠠᠶᠢᠨ ᠰᠠᠶᠢᠬᠠᠨ | ᠵᠠᠩ ᠠᠭᠠᠰᠢ ᠲᠠᠢ ᠪᠣᠯᠭᠠᠨ ᠬᠥᠮᠥᠵᠢᠭᠦᠯᠦᠭᠡᠷᠡᠢ︕ | | | |