ᠠᠮᠧᠷᠢᠺᠠ ᠶᠢᠨ ᠰᠢᠨᠵᠢᠯᠡᠬᠦ ᠤᠬᠠᠭᠠᠨᠲᠠᠳ ᠤᠨ ᠢᠯᠡᠷᠡᠭᠦᠯᠦᠭᠰᠡᠨ ᠢᠶᠠᠷ᠂ ᠨᠠᠰᠤᠲᠠᠶᠢᠴᠤᠤᠯ ᠤᠳᠠᠭᠠᠨ ᠰᠠᠭᠤᠪᠠᠯ ᠥᠲᠡᠯᠬᠦ ᠬᠤᠷᠳᠤᠴᠠ ᠪᠠᠨ ᠲᠦᠷᠭᠡᠳᠬᠡᠨ᠎ᠡ᠃ | ᠨᠢᠭᠡ ᠡᠳᠦᠷ ᠲᠤ 10 ᠴᠠᠭ ᠠᠴᠠ ᠳᠡᠭᠡᠭᠰᠢ ᠨᠠᠮ ᠰᠠᠭᠤᠬᠤ ᠮᠥᠷᠲᠡᠭᠡᠨ 40 ᠮᠢᠨᠦ᠋ᠲ ᠠᠴᠠ ᠳᠣᠷᠣᠭᠰᠢ ᠬᠥᠳᠡᠯᠭᠡᠭᠡᠨ ᠬᠢᠭᠰᠡᠳ ᠥᠪᠡᠷ ᠤᠨ ᠪᠣᠳᠠᠲᠠᠢ | ᠨᠠᠰᠤᠨ ᠠᠴᠠ ᠪᠠᠨ ᠠᠳᠠᠭ ᠲᠠᠭᠠᠨ 8 ᠵᠢᠯ ᠡᠷᠲᠡ ᠥᠲᠡᠯᠦᠨ᠎ᠡ᠃ ᠺᠠᠯᠢᠹᠣᠷᠨᠢᠶ᠎ᠠ ᠶᠡᠭᠡ ᠰᠤᠷᠭᠠᠭᠤᠯᠢ ᠶᠢᠨ ᠰᠤᠳᠤᠯᠭᠠᠲᠠᠳ 1500 ᠨᠡᠷ᠎ᠡ 64 -95 ᠨᠠᠰᠤᠨ ᠤ | ᠨᠠᠰᠤᠲᠠᠶᠢᠴᠤᠤᠯ ᠳᠤ ᠬᠢᠨᠠᠨ ᠬᠡᠮᠵᠢᠯᠲᠡ ᠶᠢᠨ ᠲᠥᠬᠦᠭᠡᠷᠦᠮᠵᠢ ᠵᠡᠭᠦᠯᠭᠡᠨ᠂ ᠳᠡᠳᠡᠨ ᠤ ᠨᠢᠭᠡ ᠭᠠᠷᠠᠭ ᠤᠨ ᠬᠤᠭᠤᠴᠠᠭᠠᠨ ᠳᠠᠬᠢ ᠬᠥᠳᠡᠯᠭᠡᠭᠡᠨ ᠤ ᠪᠠᠶᠢᠳᠠᠯ ᠢ ᠲᠡᠮᠳᠡᠭᠯᠡᠵᠦ᠂ | ᠲᠡᠬᠢᠨ ᠴᠢᠰᠤᠨ ᠤ ᠪᠠᠶᠢᠴᠠᠭᠠᠯᠲᠠ ᠪᠠᠷ ᠲᠠᠮᠵᠢᠨ ᠪᠡᠶ᠎ᠡ ᠶᠢᠨ ᠡᠰ ᠤᠨ ᠡᠷᠡᠭᠦᠯ ᠴᠢᠭᠢᠷᠠᠭ ᠤᠨ ᠪᠠᠶᠢᠳᠠᠯ ᠢ ᠵᠠᠳᠠᠯᠪᠠ᠃ ᠪᠠᠶᠢᠴᠠᠭᠠᠯᠲᠠ ᠶᠢᠨ ᠳ᠋ᠦᠩ ᠳᠤ᠂ ᠬᠥᠳᠡᠯᠭᠡᠭᠡᠨ | ᠬᠢᠭᠰᠡᠨ ᠨᠢ ᠪᠠᠭ᠎ᠠ ᠨᠠᠰᠤᠲᠠᠶᠢᠴᠤᠤᠯ ᠤᠨ ᠡᠰ ᠮᠠᠰᠢ ᠡᠷᠡᠭᠦᠯ ᠪᠤᠰᠤ ᠮᠥᠷᠲᠡᠭᠡᠨ ᠪᠤᠳᠤᠭᠲᠤ ᠴᠣᠭᠴᠠ ᠶᠢᠨ ᠤᠷᠳᠦ ᠶᠢᠨ ᠬᠡᠮᠵᠢᠶ᠎ᠡ ᠨᠡᠩ ᠣᠬᠤᠷ ᠭᠡᠳᠡᠭ ᠢ | ᠢᠯᠡᠷᠡᠭᠦᠯᠵᠡᠢ᠃ ᠶᠡᠷᠦᠩᠬᠡᠢ ᠳᠡᠭᠡᠨ᠂ ᠬᠥᠮᠥᠨ ᠤ ᠪᠣᠳᠠᠲᠠᠢ ᠨᠠᠰᠤ ᠨᠡᠮᠡᠭᠳᠡᠬᠦ ᠲᠤᠰᠤᠮ ᠪᠤᠳᠤᠭᠲᠤ ᠪᠡᠶ᠎ᠡ ᠶᠢᠨ ᠦᠵᠦᠭᠦᠷᠯᠢᠭ ᠤᠯᠠᠮ ᠣᠬᠤᠷ ᠪᠤᠯᠳᠠᠬ᠃ ᠭᠡᠪᠡᠴᠦ | ᠤᠳᠠᠭᠠᠨ ᠰᠠᠭᠤᠭᠰᠠᠨ ᠠᠴᠠ ᠪᠣᠯᠤᠭᠰᠠᠨ ᠬᠡᠮ ᠠᠷᠬᠠᠭ ᠢ ᠬᠥᠳᠡᠯᠭᠡᠭᠡᠨ ᠬᠢᠬᠦ ᠪᠠᠷ ᠲᠡᠮᠵᠢᠨ ᠨᠥᠬᠦᠪᠦᠷᠢᠯᠡᠵᠦ ᠪᠣᠯᠣᠨ᠎ᠠ ᠭᠡᠵᠦ ᠰᠤᠳᠤᠯᠭᠠᠲᠠᠳ ᠦᠵᠡᠵᠦ ᠪᠠᠶᠢᠨ᠎ᠠ᠃ | ᠲᠤᠬᠠᠶᠢᠯᠠᠪᠠᠯ ᠦᠷᠬᠦᠯᠵᠢ ᠬᠥᠳᠡᠯᠭᠡᠭᠡᠨ ᠬᠢᠬᠦ ᠦᠭᠡᠢ ᠰᠠᠭᠤᠭᠠᠳ ᠯᠡ ᠪᠠᠶᠢᠳᠠᠭ ᠨᠠᠰᠤᠲᠠᠶᠢᠴᠤᠤᠯ ᠡᠳᠦᠷ ᠪᠦᠷᠢ ᠬᠠᠭᠠᠰ ᠴᠠᠭ ᠠᠴᠠ ᠳᠡᠭᠡᠭᠰᠢ ᠬᠥᠳᠡᠯᠭᠡᠭᠡᠨ ᠬᠢᠪᠡᠯ | ᠡᠷᠲᠡ ᠥᠲᠡᠯᠬᠦ ᠠᠴᠠ ᠵᠠᠶᠢᠯᠠᠰᠬᠢᠵᠦ ᠲᠡᠶᠢᠯᠤᠨ᠎ᠠ᠃ ᠭᠡᠬᠦ ᠳᠤ ᠪᠠᠨ ᠡᠨᠡᠬᠦ ᠰᠤᠳᠤᠯᠭᠠᠨ ᠨᠢ ᠵᠦᠪᠬᠡᠨ ᠡᠮᠡᠭᠲᠡᠶᠢᠴᠦᠳ ᠢᠶᠠᠷ ᠰᠤᠳᠤᠯᠤᠭᠳᠠᠬᠤᠨ ᠪᠤᠯᠭᠠᠬᠰᠠᠨ ᠶᠤᠮ᠃ | ᠤᠳᠠᠭᠠᠨ ᠰᠠᠭᠤᠬᠤ ᠨᠢ ᠪᠠᠰᠠ ᠦᠮᠡᠨ ᠡᠪᠡᠳᠴᠢᠨ᠂ ᠰᠢᠬᠢᠷ ᠰᠢᠵᠢᠩ ᠡᠪᠡᠳᠴᠢᠨ ᠪᠣᠯᠣᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠨᠤᠷᠮ᠎ᠠ ᠶᠢ | ᠵᠣᠬᠢᠬᠤ ᠬᠡᠮᠵᠢᠶ᠎ᠡ ᠪᠠᠷ ᠲᠡᠭᠡᠭᠰᠢᠯᠡᠬᠦᠯᠤᠨ᠎ᠠ ᠭᠡᠵᠦ ᠰᠤᠳᠤᠯᠭᠠᠲᠠᠳ ᠰᠠᠨᠠᠭᠤᠯᠵᠠᠢ᠃ | | | | |