ᠡᠨᠡ ᠵᠢᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ | ᠨᠡᠶᠢᠲᠡᠯᠡᠵᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠣᠷᠢᠯᠡᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ | ᠪᠠᠳᠣᠯᠠᠪᠠ᠃ | ᠠᠵᠢᠯ ᠠᠯᠳᠠᠯᠲᠠ ᠶᠢᠨ ᠨᠥᠬᠦᠪᠥᠷᠢ ᠮᠥᠩᠭᠦ᠂ ᠲᠦᠷ ᠴᠠᠭ ᠤᠨ ᠠᠮᠢᠳᠤᠷᠠᠯ ᠤᠨ ᠨᠥᠬᠦᠪᠥᠷᠢ᠂ ᠠᠵᠢᠯ ᠦᠯᠡᠳᠡᠭᠡᠬᠦ ᠪᠣᠯᠪᠠᠰᠤᠷᠠᠯ ᠤᠨ ᠨᠢᠭᠡ ᠯᠡ ᠤᠳᠠᠭ᠎ᠠ ᠶᠢᠨ | ᠴᠢᠨᠠᠷᠲᠠᠶ ᠨᠥᠬᠦᠪᠥᠷᠢ᠂ ᠠᠵᠢᠯ ᠤᠨ ᠪᠠᠶᠢᠷᠢ ᠶᠢ ᠥᠷᠭᠡᠳᠬᠡᠬᠦ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠵᠡᠷᠭᠡ ᠡᠲᠡᠭᠡᠷ ᠵᠣᠭᠤᠰ ᠢ ᠲᠠ ᠪᠦᠷ ᠬᠦᠷᠲᠡᠭᠰᠡᠨ ᠦᠦ | ︖ | 1᠂ ᠦᠯᠡᠳᠡᠭᠡᠨ ᠪᠣᠯᠪᠠᠰᠤᠷᠠᠭᠤᠯᠬᠤ ᠨᠥᠬᠦᠪᠥᠷᠢ ᠶᠢ ᠨᠢᠭᠡ ᠯᠡ ᠤᠳᠠᠭ᠎ᠠ ᠶᠢᠨ ᠴᠢᠨᠠᠷᠲᠠᠢ ᠠᠪᠴᠣ ᠪᠣᠯᠣᠨ᠎ᠠ | ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 500 ᠲᠥᠭᠦᠷᠢᠭ ᠠᠴᠠ ᠬᠡᠲᠦᠷᠡᠭᠦᠯᠬᠦ ᠦᠭᠡᠶ ᠪᠠᠶᠢᠬᠤ ᠪᠠᠷᠢᠮᠵᠢᠶ᠎ᠠ ᠪᠠᠷ ᠠᠵᠢᠯ | ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠥᠷᠢ ᠶᠢ ᠨᠢᠭᠡ ᠯᠡ ᠤᠳᠠᠭ᠎ᠠ ᠶᠢᠨ ᠴᠢᠨᠠᠷᠲᠠᠶ ᠣᠯᠭᠤᠨ᠎ᠠ᠃ | 2 . ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠶᠢ ᠨᠢᠭᠡ ᠯᠡ ᠤᠳᠠᠭ᠎ᠠ ᠶᠢᠨ ᠴᠢᠨᠠᠷᠲᠠᠶ ᠠᠪᠴᠣ ᠪᠣᠯᠣᠨ᠎ᠠ | ᠨᠢᠭᠡ ᠬᠥᠮᠦᠨ ᠡᠯᠰᠡᠨ ᠬᠡᠷᠡᠭᠯᠡᠬᠦ ᠪᠦᠷᠢ 1500 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭᠠᠨ ᠤ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ | ᠨᠥᠬᠦᠪᠥᠷᠢ ᠣᠯᠭᠤᠨ᠎ᠠ᠃ | 3 . ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠣ ᠪᠣᠯᠣᠨ᠎ᠠ ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠰᠦᠢᠳᠭᠡᠯ ᠲᠤᠰᠢᠶᠠᠭᠰᠠᠨ | ᠂ ᠲᠣᠰ ᠬᠥᠮᠦᠨ ᠤ ᠪᠤᠰᠤ ᠰᠢᠯᠲᠠᠭᠠᠨ ᠢᠶᠠᠷ ᠠᠵᠢᠯ ᠠᠯᠳᠠᠭᠰᠠᠨ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠢ ᠭᠠᠷᠲᠠᠨ ᠬᠦᠢᠴᠡᠳᠬᠡᠬᠦ ᠪᠠᠶᠢᠭᠤᠯᠤᠮᠵᠢ ᠠᠴᠠ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠭᠤᠶᠤᠴᠢᠯᠠᠨ ᠠᠪᠴᠤ ᠪᠣᠯᠤᠨ᠎ᠠ᠃ | 4 . ᠠᠵᠢᠯ ᠠᠯᠳᠠᠭᠰᠠᠳ ᠤᠨ ᠨᠥᠬᠦᠪᠥᠷᠢ ᠮᠥᠩᠭᠦ᠂ ᠲᠦᠷ ᠴᠠᠭ ᠤᠨ ᠠᠮᠢᠳᠤᠷᠠᠯ ᠤᠨ ᠨᠥᠬᠦᠪᠥᠷᠢ ᠠᠪᠴᠣ ᠪᠣᠯᠣᠨ᠎ᠠ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠮᠥᠨ ᠬᠦ ᠠᠵᠢᠯ ᠣᠯᠤᠭᠠᠳᠤᠶ ᠠᠵᠢᠯ ᠠᠯᠳᠠᠭᠰᠠᠳ᠂ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠬᠦ ᠦᠭᠡᠶ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠲᠤ ᠠᠵᠢᠯ | ᠠᠯᠳᠠᠯᠲᠠ ᠶᠢᠨ ᠲᠤᠰᠠᠯᠠᠮᠵᠢ ᠶᠢᠨ ᠮᠥᠩᠭᠦ ᠣᠯᠭᠤᠬᠤ ᠬᠡᠷᠡᠭᠲᠡᠶ︔ ᠳᠠᠭᠠᠳᠬᠠᠯ ᠳᠤ ᠣᠷᠣᠯᠴᠠᠭᠠᠳ 1 ᠵᠢᠯ ᠪᠣᠯᠤᠭᠠᠳᠤᠶ ᠠᠵᠢᠯ ᠠᠯᠳᠠᠭᠰᠠᠨ ᠬᠥᠯᠥᠰᠥᠨ | ᠠᠵᠢᠯᠴᠢᠨ ᠳᠤ ᠲᠦᠷ ᠴᠠᠭ ᠤᠨ ᠠᠮᠢᠳᠤᠷᠠᠯ ᠤᠨ ᠨᠥᠬᠦᠪᠥᠷᠢ ᠣᠯᠭᠤᠨ᠎ᠠ᠃ | 5 . ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠠᠪᠴᠣ ᠪᠣᠯᠣᠨ᠎ᠠ | ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠠᠪᠬᠤ ᠳᠤ ᠠᠩᠬ᠎ᠠ ᠵᠡᠷᠭᠡ ᠳᠤ ︵ᠲᠠᠪᠤᠳᠤᠭᠠᠷ ᠳᠡᠰ︶ 1000 ᠲᠥᠭᠦᠷᠢᠭ ᠠᠴᠠ ᠬᠡᠲᠦᠷᠡᠭᠦᠯᠵᠦ | ᠪᠣᠯᠬᠤ ᠥᠬᠡᠶ᠂ ᠳᠤᠮᠳᠠ ᠵᠡᠷᠭᠡ ᠳᠤ ︵ᠳᠥᠷᠪᠡᠳᠦᠭᠡᠷ ᠳᠡᠰ︶ 1500 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠂ ᠳᠡᠭᠡᠳᠦ ᠵᠡᠷᠭᠡ ᠳᠤ ︵ᠭᠤᠷᠪᠠᠳᠤᠭᠠᠷ | ᠳᠡᠰ︶ 2000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ ᠪᠠᠷᠢᠮᠵᠢᠶ᠎ᠠ ᠪᠠᠷ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠶᠢ ᠲᠣᠭᠲᠠᠭᠠᠯ ᠶᠣᠰᠣᠭᠠᠷ | ᠭᠤᠶᠤᠴᠢᠯᠠᠵᠤ ᠪᠣᠯᠤᠨ᠎ᠠ᠃ | 6 . ᠨᠡᠶᠢᠭᠡᠮ ᠤᠨ ᠳᠠᠭᠠᠳᠬᠠᠯ ᠤᠨ ᠨᠥᠬᠦᠪᠥᠷᠢ ᠠᠪᠴᠣ ᠪᠣᠯᠣᠨ᠎ᠠ | 7 . ᠳᠠᠳᠤᠯᠭ᠎ᠠ ᠶᠢᠨ ᠨᠥᠬᠦᠪᠥᠷᠢ ᠠᠪᠴᠣ ᠪᠣᠯᠣᠨ᠎ᠠ ᠰᠤᠷᠭᠠᠭᠤᠯᠢ ᠠᠴᠠ ᠪᠠᠨ ᠰᠠᠯᠤᠭᠠᠳ 2 ᠵᠢᠯ ᠪᠣᠯᠤᠭᠠᠳᠤᠶ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠳ᠂ 16-24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠢ ᠡᠯᠰᠡᠨ ᠠᠵᠢᠯ ᠣᠯᠭᠤᠬᠤ ᠳᠠᠳᠤᠯᠭ᠎ᠠ ᠳᠤ ᠣᠷᠣᠯᠴᠠᠭᠤᠯᠤᠭᠰᠠᠨ ᠨᠢᠭᠡᠴᠡ ᠳᠤ | ᠵᠣᠬᠢᠬᠤ ᠪᠠᠷᠢᠮᠵᠢᠶ᠎ᠠ ᠶᠢᠨ ᠠᠵᠢᠯ ᠣᠯᠭᠤᠬᠤ ᠳᠠᠳᠤᠯᠭ᠎ᠠ ᠶᠢᠨ ᠨᠥᠬᠦᠪᠥᠷᠢ ᠣᠯᠭᠤᠨ᠎ᠠ᠃ | 8 . ᠠᠳᠠᠯ ᠦᠢᠯᠡᠰ ᠴᠣᠭᠴᠠᠯᠠᠬᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠠᠪᠴᠣ ᠪᠣᠯᠣᠨ᠎ᠠ | ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠬᠢᠭᠰᠡᠨ ᠮᠥᠷᠲᠡᠭᠡᠨ ᠡᠭᠦᠳᠦᠨ | ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠤᠷᠢ ᠬᠤᠳᠠᠯᠳᠤᠭᠠᠨ ᠤ ᠡᠷᠦᠬᠡ ᠨᠢ ᠠᠵᠤ ᠦᠢᠯᠡᠳᠪᠤᠷᠢ ᠬᠤᠳᠠᠯᠳᠤᠭ᠎ᠠ ᠳᠤ ᠲᠡᠮᠳᠡᠭᠯᠡᠭᠦᠯᠦᠨ | ᠳᠠᠩᠰᠠᠯᠠᠭᠤᠯᠤᠭᠰᠠᠨ ᠡᠳᠦᠷ ᠠᠴᠠ ᠡᠬᠢᠯᠡᠨ ᠬᠡᠪ ᠤᠨ ᠶᠣᠰᠣᠭᠠᠷ 1 ᠵᠢᠯ ᠠᠴᠠ ᠳᠡᠭᠡᠭᠰᠢ ᠠᠵᠢᠯᠯᠠᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ᠂ | ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ ᠲᠤ ᠠᠳᠠᠯ ᠦᠢᠯᠡᠰ ᠴᠣᠭᠴᠠᠯᠠᠬᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃ | 9 . ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠠᠪᠴᠣ ᠪᠣᠯᠣᠨ᠎ᠠ | 10 . ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠥᠬᠦᠪᠥᠷᠢ ᠠᠪᠴᠣ | ᠪᠣᠯᠣᠨ᠎ᠠ | | | |