12 ᠰᠠᠷ᠎ᠠ ᠶᠢᠨ 4 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠮ᠎ᠠ ᠪᠦᠯᠬᠦᠮ ᠳᠠᠭᠠᠭᠤᠯᠤᠨ ᠳᠠᠭᠠᠭᠠᠨ ᠬᠠᠷᠢᠭᠤᠴᠠᠬᠤ ᠭᠠᠴᠠᠭ᠎ᠠ ᠪᠣᠯᠬᠤ ᠰᠢᠨᠡᠭᠡᠨ ᠵᠡᠭᠦᠨ ᠰᠤᠮᠤ ᠶᠢᠨ | ᠮᠦᠩᠭᠦᠨᠲᠣᠶᠠᠭ᠎ᠠ ᠭᠠᠴᠠᠭ᠎ᠠ ᠳᠤ ᠭᠦᠨᠵᠡᠭᠡᠶᠢᠷᠡᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠤᠭᠰᠠᠨ ᠪᠠᠶᠢᠳᠠᠯ ᠤᠨ ᠲᠤᠬᠠᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠰᠢᠤᠸᠠᠢ ᠫᠢᠩ᠂ ᠬᠤᠷᠴᠠ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨᠡᠭᠡᠨ ᠵᠡᠭᠦᠨ ᠰᠤᠮᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠤᠭᠰᠠᠨ | ᠪᠠᠶᠢᠳᠠᠯ ᠤᠨ ᠲᠤᠬᠠᠢ ᠨᠠᠷᠢᠨ ᠮᠡᠳᠡᠭᠦᠯᠦᠯᠲᠡ ᠶᠢ ᠰᠣᠨᠣᠰᠴᠤ᠂ ᠭᠠᠴᠠᠭᠠᠨ ᠤ ᠥᠭᠡᠷᠡᠴᠢᠯᠡᠯᠲᠡ ᠶᠢᠨ ᠶᠠᠪᠤᠴᠠ ᠳᠠᠬᠢ ᠠᠵᠢᠯ ᠤᠨ ᠠᠬᠢᠴᠠ᠂ ᠣᠯᠣᠭᠰᠠᠨ ᠦᠷ᠎ᠡ | ᠪᠦᠲᠦᠮᠵᠢ ᠵᠢᠴᠢ ᠲᠤᠯᠭᠠᠷᠠᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠣᠶᠢᠯᠠᠭᠠᠪᠠ᠃ ᠳᠠᠷᠠᠭᠠᠪᠠᠷ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠮᠠᠯᠴᠢᠳ ᠤᠨ ᠭᠡᠷ ᠲᠤ ᠭᠦᠨᠵᠡᠭᠡᠶᠢᠷᠡᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠤᠬᠠᠢ ᠶᠢᠨ ᠭᠠᠵᠠᠷ ᠲᠤᠨᠢ | ᠤᠬᠠᠭᠤᠯᠵᠤ᠂ ᠮᠠᠯᠴᠢᠳ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠮᠠᠯᠴᠢᠳ ᠢ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠳᠤ | ᠢᠳᠡᠪᠬᠢᠲᠡᠢ ᠣᠷᠣᠯᠴᠠᠭᠤᠯᠬᠤ ᠪᠠᠷ ᠬᠥᠲᠥᠯᠥᠨ ᠵᠢᠯᠣᠭᠤᠳᠪᠠ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ | ᠮᠦᠩᠭᠦᠨᠲᠣᠶᠠᠭ᠎ᠠ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠡᠵᠡᠩᠨᠡᠯᠲᠡ ᠶᠢᠨ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | | | | | | ᠰᠣᠶᠣᠯᠮ᠎ᠠ᠂ ᠰᠤᠮᠤ ᠪᠣᠯᠣᠨ ᠭᠠᠴᠠᠭ᠎ᠠ ᠬᠤᠶᠠᠷ ᠵᠥᠪᠯᠡᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ | ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ | ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠤᠬᠠᠭᠤᠯᠭ᠎ᠠ ᠶᠢᠨ ᠠᠵᠢᠯ ᠢ | ᠰᠠᠶᠢᠲᠤᠷ ᠬᠢᠵᠦ᠂ ᠮᠠᠯᠴᠢᠨ ᠲᠦᠮᠡᠨ ᠳᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠴᠢ ᠬᠤᠯᠪᠣᠭᠳᠠᠯ ᠪᠠ ᠵᠣᠷᠢᠯᠭ᠎ᠠ ᠶᠢ ᠭᠦᠢᠴᠡᠳ ᠣᠶᠢᠯᠠᠭᠠᠭᠤᠯᠵᠤ | ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠲᠡᠭᠦᠨ ᠳᠤ ᠢᠳᠡᠪᠬᠢᠲᠡᠢ ᠣᠷᠣᠯᠴᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠤᠯᠠᠮ ᠨᠢᠭᠡ ᠠᠯᠬᠤᠮ | ᠪᠤᠵᠠᠭᠠᠶᠢᠷᠠᠭᠤᠯᠤᠨ᠂ ᠮᠠᠯᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ |