ᠹᠦ᠋ ᠴᠢᠩ
ᠨᠡᠶᠢᠲᠡᠯᠡᠭᠰᠡᠨ ᠴᠠᠭ᠄
2024/3/19
   ᠹᠦ᠋ ᠴᠢᠩ   ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ      ᠬᠤᠰᠢᠭᠤᠨ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂ ᠰᠢᠨᠵᠢᠯᠡᠬᠦ ᠤᠬᠠᠭᠠᠨ ᠮᠡᠷᠭᠡᠵᠢᠯ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠥᠪᠥᠷ ᠮᠣᠩᠭᠤᠯ ᠤᠨ ᠬᠤᠶ ᠭᠤᠤᠯ  ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂   ᠬᠤᠩᠭᠤᠯᠵᠢ ᠴᠥᠭᠦᠷᠥᠮ ᠤᠨ ᠣᠷᠣᠨ ᠤ ᠵᠠᠰᠠᠯᠲᠠ ᠪᠠ ᠬᠠᠮᠠᠭᠠᠯᠠᠯᠲᠠ ᠶᠢᠨ ᠲᠥᠪ ᠢ ᠬᠤᠪᠢᠳᠠᠨ ᠬᠠᠮᠢᠶᠠᠷᠤᠨ᠎ᠠ᠃ ᠬᠠᠷᠢᠯᠴᠠᠬᠤ᠄ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠰᠢᠭᠤᠨ ᠤ ᠴᠠᠭ ᠠᠭᠤᠷ ᠤᠨ ᠲᠣᠪᠴᠢᠶ᠎ᠠ᠂   ᠬᠤᠩᠭᠤᠯᠵᠢ  ᠤᠰᠤᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂  ᠬᠤᠩᠭᠤᠯᠵᠢ  ᠣᠶ ᠰᠢᠭᠤᠢ ᠶᠢᠨ ᠲᠣᠪᠴᠢᠶ᠎ᠠ᠂ ᠴᠦᠸᠧ ᠡᠯ ᠣᠶ ᠰᠢᠭᠤᠢ ᠶᠢᠨ ᠲᠣᠪᠴᠢᠶ᠎ᠠ᠂ ᠴᠦᠸᠧ ᠶᠤᠸᠠᠨ ᠣᠶ ᠰᠢᠭᠤᠢ ᠶᠢᠨ ᠲᠣᠪᠴᠢᠶ᠎ᠠ᠂ ᠷᠠᠰᠢᠶᠠᠨ ᠤ ᠣᠶ ᠰᠢᠭᠤᠢ ᠶᠢᠨ ᠲᠣᠪᠴᠢᠶ᠎ᠠ᠂ ᠬᠤᠩᠭᠤᠯᠵᠢ  ᠵᠢᠭᠠᠷᠲᠤ  ᠨᠠᠷᠠᠰᠤ  ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂  ᠬᠤᠩᠭᠤᠯᠵᠢ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠬᠤᠪᠢ ᠬᠥᠮᠥᠨ ᠤ ᠲᠣᠪᠴᠢ ᠲᠠᠨᠢᠯᠴᠠᠭᠤᠯᠭ᠎ᠠ   ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠹᠦ᠋ ᠴᠢᠩ᠂ ᠡᠷᠡᠭᠲᠡᠢ᠂ ᠮᠣᠩᠭᠤᠯ ᠦᠨᠳᠦᠰᠦᠲᠡᠨ᠂ 1978 ᠣᠨ ᠤ 12 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃
ᠢᠷᠡᠯᠲᠡ᠄ ᠡᠸᠡᠩᠬᠢ ᠬᠤᠰᠢᠭᠤᠨ ᠤ ᠵᠠᠰᠠᠭ ᠤᠨ ᠤᠷᠳᠤᠨ