ᠯᠦ ᠴᠤᠸᠠᠨ ᠱᠧᠨ
ᠨᠡᠶᠢᠲᠡᠯᠡᠭᠰᠡᠨ ᠴᠠᠭ᠄
2024/3/19
   ᠯᠦ ᠴᠤᠸᠠᠨ ᠱᠧᠨ   ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ   ᠬᠤᠰᠢᠭᠤᠨ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠤᠭ᠎ᠠ ᠪᠦᠷᠢᠳᠬᠡᠯ᠂ ᠦᠨᠳᠦᠰᠦᠲᠡᠨ ᠤ ᠬᠡᠷᠡᠭ ᠶᠠᠪᠤᠳᠠᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ᠂ ᠮᠥᠩᠭᠦᠨ ᠭᠦᠢᠯᠭᠡᠭᠡᠨ᠂ ᠴᠠᠬᠢᠯᠭᠠᠨ ᠬᠦᠴᠦᠨ ᠤ ᠪᠠᠲᠤᠯᠠᠭ᠎ᠠ᠂ ᠲᠣᠣᠷ ᠰᠦᠯᠵᠢᠶ᠎ᠡ ᠴᠢᠮᠡᠭᠡ ᠬᠤᠯᠪᠣᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠬᠤᠰᠢᠭᠤᠨ  ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠡᠸᠡᠩᠬᠢ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠬᠤᠰᠢᠭᠤᠨ  ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠬᠠᠷᠢᠯᠴᠠᠬᠤ ᠨᠢ᠄ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠰᠢᠭᠤᠨ ᠤ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠬᠥᠯᠥᠨ ᠪᠤᠶᠢᠷ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠡᠸᠡᠩᠬᠢ ᠬᠤᠪᠢᠶᠠᠷᠢ ᠲᠣᠪᠴᠢᠶ᠎ᠠ᠂ ᠥᠪᠥᠷ ᠮᠣᠩᠭᠤᠯ ᠤᠨ ᠡᠸᠡᠩᠬᠢ ᠰᠤᠳᠤᠯᠭᠠᠨ ᠤ ᠨᠡᠶᠢᠭᠡᠮᠯᠢᠭ᠂ ᠬᠤᠸᠠ ᠨᠧᠩ ᠢᠮᠢᠨ ᠨᠡᠭᠦᠷᠡᠰᠦ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠶᠠᠨ ᠪᠦᠦ ᠡᠨᠧᠷᠭᠢ ᠶᠢᠨ ᠺᠣᠮᠫᠠᠨᠢ᠂ ᠥᠪᠥᠷ ᠮᠣᠩᠭᠤᠯ ᠤᠨ ᠮᠧᠩ ᠳ᠋ᠦᠩ ᠡᠨᠧᠷᠭᠢ ᠶᠢᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠡᠸᠡᠩᠬᠢ ᠴᠠᠬᠢᠯᠭᠠᠨ ᠬᠠᠩᠭᠠᠬᠤ  ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠡᠸᠡᠩᠬᠢ ᠬᠤᠰᠢᠭᠤᠨ ᠤ ᠬᠤᠪᠢᠶᠠᠷᠢ ᠺᠣᠮᠫᠠᠨᠢ᠂ ᠬᠤᠰᠢᠭᠤᠨ ᠤ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ︵ᠨᠠᠪᠴᠢᠨ ᠲᠠᠮᠠᠬᠢ ᠶᠢᠨ ᠺᠣᠮᠫᠠᠨᠢ︶᠂ ᠬᠤᠰᠢᠭᠤᠨ ᠤ ᠡᠯ᠎ᠡ ᠰᠦᠯᠵᠢᠶ᠎ᠡ ᠶᠢᠨ ᠴᠢᠮᠡᠭᠡ ᠬᠤᠯᠪᠣᠭᠠᠨ ᠤ ᠺᠣᠮᠫᠠᠨᠢ᠂ ᠲᠡᠮᠦᠷ ᠰᠤᠪᠤᠷᠭ᠎ᠠ ᠺᠣᠮᠫᠠᠨᠢ᠂ ᠬᠤᠰᠢᠭᠤᠨ ᠤ ᠠᠷᠠᠳ ᠤᠨ ᠪᠠᠩᠬᠢ ᠵᠢᠴᠢ ᠡᠯ᠎ᠡ ᠬᠤᠳᠠᠯᠳᠤᠭᠠᠨ ᠤ ᠪᠠᠩᠬᠢ᠂ ᠬᠤᠰᠢᠭᠤᠨ ᠤ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠬᠤᠰᠢᠭᠤᠨ ᠤ ᠬᠥᠮᠥᠨ ᠤ ᠬᠦᠴᠦᠨ ᠤ ᠳᠠᠭᠠᠳᠬᠠᠯ ᠡᠳ᠋ ᠤᠨ ᠶᠠᠪᠤᠳᠠᠯ ᠤᠨ ᠳᠠᠭᠠᠳᠬᠠᠯ ᠤᠨ ᠺᠣᠮᠫᠠᠨᠢ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠬᠤᠪᠢ ᠬᠥᠮᠥᠨ ᠤ ᠲᠣᠪᠴᠢ ᠲᠠᠨᠢᠯᠴᠠᠭᠤᠯᠭ᠎ᠠ   ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠰᠢᠭᠤᠨ ᠳᠠᠷᠤᠭ᠎ᠠ ᠯᠦ ᠴᠤᠸᠠᠨ ᠱᠧᠨ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 8 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠲᠠᠷᠢᠶᠠᠯᠠᠩ ᠤᠨ ᠳᠡᠯᠭᠡᠷᠡᠭᠦᠯᠦᠯᠲᠡ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 
ᠢᠷᠡᠯᠲᠡ᠄ ᠡᠸᠡᠩᠬᠢ ᠬᠤᠰᠢᠭᠤᠨ ᠤ ᠵᠠᠰᠠᠭ ᠤᠨ ᠤᠷᠳᠤᠨ