ᠣᠶᠢᠷ᠎ᠠ ᠳᠤ᠂ ᠠᠭᠤᠷ ᠠᠮᠢᠰᠬᠤᠯ ᠳᠣᠯᠠᠭᠠᠷᠠᠵᠤ᠂ ᠡᠪᠦᠯ ᠤᠨ ᠬᠤᠷᠠᠮᠠᠯ ᠴᠠᠰᠤ ᠲᠦᠷᠭᠡᠨ ᠬᠠᠶᠢᠯᠤᠭᠰᠠᠨ ᠠᠴᠠ ᠪᠣᠯᠵᠤ ᠬᠠᠶᠢᠯ ᠣᠰᠣᠨ ᠤ ᠭᠠᠮᠰᠢᠭ ᠤᠨ | ᠡᠷᠡᠰᠳᠡᠯ ᠶᠡᠭᠡᠳᠪᠡ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠠᠶᠠᠨᠴᠠᠭᠠᠨ ᠰᠤᠮᠤ ᠢᠳᠡᠪᠬᠢᠲᠡᠢ | ᠠᠷᠭ᠎ᠠ ᠬᠡᠮᠵᠢᠶ᠎ᠡ ᠠᠪᠴᠤ᠂ ᠬᠠᠪᠤᠷ ᠤᠨ ᠤᠯᠠᠷᠢᠯ ᠤᠨ ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠬᠢᠵᠦ ᠪᠠᠶᠢᠨ᠎ᠠ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠨᠠᠶᠢᠳᠠᠪᠤᠷᠢᠵᠢᠭᠤᠯᠤᠯᠲᠠ ᠶᠢ ᠪᠠᠲᠣᠯᠠᠪᠠ᠃ ᠰᠤᠮᠤ᠂ | ᠭᠠᠴᠠᠭ᠎ᠠ ᠬᠤᠶᠠᠷ ᠱᠠᠲᠤᠨ ᠤ ᠤᠳᠤᠷᠢᠳᠬᠤ ᠪᠠᠶᠢᠭᠤᠯᠤᠮᠵᠢ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠂ ᠰᠤᠮᠤ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠭᠠᠴᠠᠭ᠎ᠠ ᠶᠢᠨ ᠬᠠᠷᠢᠭᠤᠴᠠᠯᠭᠠᠲᠠᠨ ᠨᠠᠷ ᠲᠤᠬᠠᠢ ᠶᠢᠨ | ᠭᠠᠵᠠᠷ ᠲᠤᠨᠢ ᠡᠷᠡᠰᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ | ᠪᠥᠬᠦ ᠲᠠᠯ᠎ᠠ ᠪᠠᠷ ᠨᠠᠶᠢᠳᠠᠪᠣᠷᠢᠵᠢᠭᠤᠯᠪᠠ᠃ 24 ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠠᠴᠠ ᠵᠢᠵᠢᠭᠦᠷ ᠢ ᠠᠬᠠᠯᠠᠨ ᠳᠠᠭᠠᠭᠤᠯᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠳᠤ ᠬᠢᠨᠠᠯᠲᠠ ᠲᠠᠯᠪᠢᠬᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃ | | | | ᠬᠤᠶᠠᠷ ᠲᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠵᠢᠭᠰᠠᠭᠠᠨ ᠪᠠᠶᠢᠴᠠᠭᠠᠯᠲᠠ ᠶᠢ ᠪᠣᠳᠠᠲᠠᠶᠢᠵᠢᠭᠤᠯᠬᠤ ᠶᠢ ᠪᠠᠲᠣᠯᠠᠪᠠ᠃ ᠠᠵᠢᠯᠲᠠᠳ ᠢ | ᠵᠣᠬᠢᠶᠠᠨ ᠪᠠᠶᠢᠭᠤᠯᠤᠨ ᠬᠠᠶᠢᠯ ᠤᠰᠤᠨ ᠤ ᠠᠳᠡᠯ ᠣᠯᠠᠨ ᠡᠭᠦᠰᠬᠦ ᠪᠠ ᠠᠮᠠᠷᠬᠠᠨ ᠡᠭᠦᠰᠬᠦ ᠣᠷᠣᠨ ᠪᠦᠰᠡ ᠶᠢ ᠭᠤᠣᠯᠴᠢᠯᠠᠨ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ ᠰᠣᠭᠤᠭ ᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠦᠶᠡᠷ ᠤᠨ ᠬᠤᠭᠤᠴᠠᠭ᠎ᠠ | ᠦᠩᠭᠡᠷᠡᠬᠦ ᠦᠭᠡᠢ ᠪᠣᠯ ᠪᠠᠶᠢᠴᠠᠭᠠᠯᠲᠠ ᠶᠢ ᠥᠯᠥ ᠵᠣᠭᠰᠤᠭᠠᠬᠤ᠂ ᠬᠡᠮ ᠰᠣᠭᠤᠭ ᠢ ᠠᠷᠢᠯᠭᠠᠬᠤ ᠦᠭᠡᠢ ᠪᠣᠯ ᠠᠵᠢᠯ ᠢᠶᠠᠨ ᠥᠯᠥ ᠰᠤᠯᠠᠷᠠᠭᠤᠯᠬᠤ ᠶᠢ ᠯᠠᠪᠳᠠᠭᠤᠨ | ᠪᠠᠲᠤᠲᠠᠢ ᠪᠡᠶᠡᠯᠡᠭᠦᠯᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠣᠯᠠᠨ᠎ᠠ᠃ | | | | ᠭᠤᠷᠪᠠ ᠳᠤ᠂ ᠡᠷᠡᠰᠳᠡᠯ ᠢ ᠪᠠᠴᠢᠮ ᠠᠷᠭᠠᠴᠠᠬᠤ ᠠᠵᠢᠯ ᠢ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠶᠢ ᠪᠠᠲᠤᠯᠠᠬᠤ ᠬᠡᠷᠡᠭᠲᠡᠢ᠃ ᠴᠠᠭ ᠠᠭᠤᠷ ᠤᠨ | ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠴᠢᠬᠤᠯᠠ ᠴᠠᠭ ᠠᠭᠤᠷ ᠤᠨ ᠮᠡᠳᠡᠭᠡ ᠵᠠᠩᠭᠢ ᠶᠢ ᠡᠯ᠎ᠡ ᠭᠠᠴᠠᠭ᠎ᠠ ᠲᠣᠰᠬᠤᠨ ᠳᠤ ᠴᠠᠭ ᠲᠤᠬᠠᠢ ᠳᠤᠨᠢ ᠳᠠᠮᠵᠢᠭᠤᠯᠤᠨ᠂ | ᠮᠠᠯᠴᠢᠨ ᠲᠦᠮᠡᠨ ᠳᠤ ᠤᠬᠠᠭᠤᠯᠤᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠷᠦᠬᠡ ᠪᠠ ᠬᠤᠪᠢ ᠬᠥᠮᠥᠨ ᠳᠤ | ᠬᠦᠷᠲᠡᠯ᠎ᠡ ᠴᠠᠭ ᠲᠤᠬᠠᠢ ᠳᠤᠨᠢ ᠤᠯᠠᠮᠵᠢᠯᠠᠬᠤ ᠶᠢ ᠪᠠᠲᠤᠯᠠᠬᠤ ᠬᠡᠷᠡᠭᠲᠡᠢ᠃ ᠠᠴᠢᠭᠴᠢ ᠲᠡᠷᠭᠡ᠂ ᠤᠳᠬᠤᠭᠤᠷ ᠮᠠᠰᠢᠨ᠂ ᠤᠰᠤ ᠲᠠᠲᠠᠬᠤ ᠲᠡᠷᠭᠡ ᠵᠡᠷᠭᠡ ᠮᠠᠰᠢᠨ | ᠲᠥᠬᠦᠭᠡᠷᠦᠮᠵᠢ ᠶᠢᠨ ᠨᠡᠪᠲᠡᠷᠡᠬᠦ ᠭᠤᠣᠯ ᠤᠨ ᠲᠣᠬᠤᠢ ᠶᠢ ᠰᠠᠭᠠᠳ ᠦᠭᠡᠢ ᠪᠠᠶᠢᠯᠭᠠᠵᠤ᠂ ᠭᠤᠣᠯ ᠮᠥᠷᠡᠨ ᠤ ᠰᠠᠭᠠᠳ ᠦᠭᠡᠢ ᠣᠷᠣᠰᠬᠠᠯ ᠢ ᠪᠠᠲᠤᠯᠠᠨ᠎ᠠ᠃ ᠪᠠᠴᠢᠮ | ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠤᠰᠤᠨ ᠬᠥᠭᠡᠷᠭᠡ ᠭᠤᠶᠤᠴᠢᠯᠠᠵᠤ᠂ ᠪᠠᠴᠢᠮ | ᠠᠷᠭᠠᠴᠠᠯᠲᠠ ᠳᠤ ᠬᠡᠷᠡᠭᠯᠡᠬᠦ ᠶᠢ ᠭᠦᠢᠴᠡᠳ ᠪᠠᠲᠤᠯᠠᠬᠤ ᠬᠡᠷᠡᠭᠲᠡᠢ᠃ ᠪᠠᠴᠢᠮ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠦᠶᠡᠷ ᠢ ᠰᠡᠷᠭᠡᠶᠢᠯᠡᠬᠦ ᠪᠠᠴᠢᠮ ᠠᠷᠭᠠᠴᠠᠬᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢᠨ ᠪᠦᠷᠢᠳᠬᠡᠯ ᠤᠨ ᠬᠦᠰᠦᠨᠦᠭᠲᠦ ᠶᠢ ᠵᠣᠬᠢᠶᠠᠵᠤ᠂ ᠪᠠᠴᠢᠮ ᠠᠷᠭᠠᠴᠠᠬᠤ ᠡᠳ᠋ | ᠪᠠᠷᠠᠭ᠎ᠠ ᠶᠢ ᠳᠠᠩᠰᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠦᠶᠡᠷ ᠪᠠᠭᠤᠬᠤ ᠦᠶ᠎ᠡ ᠳᠤ ᠲᠡᠷᠡ ᠳᠠᠷᠤᠢ ᠳᠤᠨᠢ ᠬᠡᠷᠡᠭᠯᠡᠵᠦ ᠪᠣᠯᠬᠤ ᠪᠠ | ᠬᠡᠷᠡᠭᠯᠡᠬᠦ ᠳᠤ ᠴᠠᠭ ᠢᠮᠠᠭᠲᠠ ᠪᠡᠯᠡᠨ ᠪᠠᠶᠢᠯᠭᠠᠨ᠎ᠠ᠃ | | | | |