ᠤᠯᠤᠰ ᠠᠴᠠ ᠬᠤᠭ ᠨᠣᠪᠰᠢ ᠶᠢ ᠲᠥᠷᠥᠯ ᠬᠤᠪᠢᠶᠠᠬᠤ᠂ ᠰᠣᠯᠢᠶᠣᠣ ᠤᠭᠤᠲᠠ ᠬᠡᠷᠡᠭᠯᠡᠬᠦ ᠶᠢ ᠪᠠᠭᠠᠰᠬᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠪᠠ ᠣᠯᠠᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ | ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ | ᠲᠥᠪ ᠠᠴᠠ 2024 ᠣᠨ ᠤ ︽ᠬᠤᠭ ᠨᠣᠪᠰᠢ ᠶᠢ ᠲᠥᠷᠥᠯ ᠬᠤᠪᠢᠶᠠᠬᠤ᠂ ᠰᠣᠯᠢᠶᠣᠣ ᠤᠭᠤᠲᠠ ᠬᠡᠷᠡᠭᠯᠡᠬᠦ ᠶᠢ ᠪᠠᠭᠠᠰᠬᠠᠬᠤ ᠪᠠ ᠬᠢᠵᠠᠭᠠᠷᠯᠠᠬᠤ︾ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠳᠤᠮᠳᠠ᠂ ᠬᠤᠰᠢᠭᠤᠨ ᠤ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠡᠯ᠎ᠡ ᠪᠠᠶᠢᠭᠤᠯᠤᠯᠭ᠎ᠠ | ᠨᠢᠭᠡᠴᠡ ᠶᠢᠨ ᠠᠵᠢᠯᠲᠠᠨ ᠠᠵᠢᠯᠴᠢᠨ ᠪᠠ ᠣᠯᠠᠨ ᠲᠦᠮᠡᠨ ᠳᠤ ᠬᠤᠭ ᠨᠣᠪᠰᠢ ᠶᠢ ᠲᠥᠷᠥᠯ ᠬᠤᠪᠢᠶᠠᠬᠤ᠂ ᠰᠣᠯᠢᠶᠣᠣ ᠤᠭᠤᠲᠠ ᠬᠡᠷᠡᠭᠯᠡᠬᠦ ᠶᠢ ᠪᠠᠭᠠᠰᠬᠠᠬᠤ ᠪᠠ | ᠬᠢᠵᠠᠭᠠᠷᠯᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠬᠤᠭ ᠨᠣᠪᠰᠢ ᠶᠢ ᠲᠥᠷᠥᠯ ᠬᠤᠪᠢᠶᠠᠬᠤ᠂ ᠰᠣᠯᠢᠶᠣᠣ ᠤᠭᠤᠲᠠ ᠬᠡᠷᠡᠭᠯᠡᠬᠦ ᠶᠢ ᠪᠠᠭᠠᠰᠬᠠᠬᠤ ᠪᠠ | ᠬᠢᠵᠠᠭᠠᠷᠯᠠᠬᠤ ᠲᠤᠬᠠᠢ ᠣᠯᠠᠨ ᠤ ᠲᠠᠨᠢᠯᠲᠠ ᠪᠠ ᠣᠶᠢᠯᠠᠭᠠᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠪᠠ᠃ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠯᠪᠠᠨ ᠠᠵᠢᠯᠲᠠᠨ ᠤ ᠳᠣᠣᠷ᠎ᠠ | ᠨᠡᠭᠦᠷᠡᠰᠦᠲᠥ᠋ᠷᠥᠭᠴᠢᠲᠦ ᠠᠮᠢᠳᠤᠷᠠᠯ ᠤᠨ ᠭᠠᠷ ᠠᠪᠣᠯᠭ᠎ᠠ︾᠂ ᠪᠣᠬᠢᠷᠳᠣᠯ ᠦᠭᠡᠢ ᠴᠠᠭᠠᠨᠰᠣ᠂ ᠳᠠᠪᠲᠠᠨ ᠬᠡᠷᠡᠭᠯᠡᠵᠦ ᠪᠣᠯᠬᠤ ᠪᠥᠰ ᠣᠭᠤᠲᠠ᠂ ᠵᠠᠳᠠᠷᠠᠳᠠᠭ | ᠬᠤᠪᠠᠨᠴᠢᠷ ᠣᠭᠤᠲᠠ᠂ ᠰᠢᠯ ᠴᠣᠮᠣ ᠵᠡᠷᠭᠡ ᠮᠠᠲ᠋ᠧᠷᠢᠶᠠᠯ ᠪᠠ ᠡᠳ᠋ ᠪᠣᠳᠠᠰ ᠢ ᠲᠠᠷᠬᠠᠭᠠᠬᠤ ᠪᠠᠷ ᠳᠠᠮᠵᠢᠭᠤᠯᠤᠨ ᠰᠣᠯᠢᠶᠣᠣ ᠤᠭᠤᠲᠠ ᠬᠡᠷᠡᠭᠯᠡᠬᠦ ᠶᠢ ᠪᠠᠭᠠᠰᠬᠠᠬᠤ ᠪᠠ | ᠬᠢᠵᠠᠭᠠᠷᠯᠠᠬᠤ ᠠᠵᠢᠯᠯᠠᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠬᠤ ᠶᠢ ᠠᠬᠢᠭᠤᠯᠪᠠ᠃ | | | | | |