ᠰᠢᠨᠡᠭᠡᠨ ᠵᠡᠭᠦᠨ ᠰᠤᠮᠤ  ᠬᠠᠶᠢᠯ ᠤᠰᠣᠨ ᠳᠤ ᠬᠠᠰᠢᠭᠳᠠᠭᠰᠠᠨ ᠬᠡᠰᠡᠭ ᠠᠷᠠᠳ ᠢ ᠠᠮᠤᠷ ᠲᠦᠪᠰᠢᠨ ᠢᠶᠠᠷ  ᠵᠠᠶᠢᠯᠠᠭᠤᠯᠪᠠ
ᠨᠡᠶᠢᠲᠡᠯᠡᠭᠰᠡᠨ ᠴᠠᠭ᠄
2024/4/17
       ᠡᠳᠦᠷ ᠳᠣᠯᠠᠭᠠᠷᠠᠬᠤ  ᠶᠢᠨ ᠳᠠᠭᠠᠣ ᠳᠤ ᠬᠤᠷᠠᠭᠰᠠᠨ ᠴᠠᠰᠤ ᠲᠦᠷᠭᠡᠨ ᠬᠠᠶᠢᠯᠵᠤ᠂  ᠦᠶᠡᠷ ᠪᠤᠯᠵᠤ ᠣᠷᠣᠰᠣᠭᠰᠠᠨ ᠬᠠᠶᠢᠯ ᠤᠰᠤᠨ ᠳᠤ  ᠬᠡᠰᠡᠭ ᠮᠠᠯᠴᠢᠳ ᠬᠠᠰᠢᠭᠳᠠᠵᠠᠢ᠃  ᠰᠢᠨᠡᠭᠡᠨ ᠵᠡᠭᠦᠨ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠲᠡᠷᠡ ᠳᠠᠷᠤᠶᠢᠬᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠷᠢᠯᠴᠠᠨ ᠹᠸᠢ ᠶᠢᠩ ᠠᠪᠤᠷᠠᠨ ᠲᠤᠰᠠᠯᠠᠬᠤ ᠠᠩᠭᠢ ᠶᠢ ᠬᠠᠮᠵᠢᠨ᠂ ᠰᠤᠮᠤ ᠭᠠᠴᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠠᠩᠭᠢ ᠶᠢ ᠵᠣᠬᠢᠶᠠᠨ ᠪᠠᠶᠢᠭᠤᠯᠵᠤ᠂ ᠰᠤᠮᠤᠨ ᠤ ᠨᠠᠮ ᠤᠨ ᠬᠤᠷᠢᠶᠠᠨ ᠤ ᠱᠦᠵᠢ  ᠸᠦᠸ᠋ ᠵᠥᠩ ᠪᠦᠯᠬᠦᠮ ᠳᠠᠭᠠᠭᠤᠯᠤᠨ ᠠᠪᠤᠷᠠᠨ ᠲᠤᠰᠠᠯᠠᠬᠤ ᠠᠵᠢᠯ ᠳᠤ ᠱᠠᠯᠠᠪᠳᠠᠪᠠ᠃
20240417-1-1.jpg
       ᠠᠪᠤᠷᠠᠨ ᠲᠤᠰᠠᠯᠠᠬᠤ ᠳᠤᠭᠤᠶᠢᠯᠠᠩ ᠤᠨ ᠬᠢᠨ ᠬᠠᠶᠢᠯ ᠣᠰᠣᠨ ᠳᠤ ᠬᠠᠰᠢᠭᠳᠠᠭᠰᠠᠨ ᠥᠢᠳᠭᠡᠨ ᠭᠠᠴᠠᠭ᠎ᠠ ᠶᠢᠨ ᠮᠠᠯᠴᠢᠳ ᠤᠨ ᠲᠤᠬᠠᠢ ᠵᠢᠨ‌‍ᠲ᠋ᠠᠯᠠᠪᠠᠶ ᠳᠤ ᠬᠦᠷᠦᠭᠡᠳ ᠰᠠᠶ᠋ᠢ ᠬᠤᠷᠠᠭᠰᠠᠨ ᠤᠰᠤ ᠠᠴᠠ ᠰᠠᠨᠠᠭᠰᠠᠨ ᠠᠴᠠ ᠭᠦᠨ ᠪᠠᠶᠢᠭ᠎ᠠ ᠶᠢ ᠮᠡᠳᠡᠪᠡ᠃ ᠬᠠᠰᠢᠭᠳᠠᠭᠰᠠᠨ ᠬᠡᠰᠡᠭ ᠠᠷᠠᠳ ᠢ ᠳᠠᠷᠣᠢ ᠲᠦᠷᠭᠡᠨ ᠵᠠᠶᠢᠯᠠᠭᠤᠯᠬᠤ ᠶᠢᠨ ᠲᠥᠯᠥᠭᠡ᠂ ᠠᠪᠤᠷᠠᠨ ᠲᠤᠰᠠᠯᠠᠬᠤ ᠠᠵᠢᠯᠲᠠᠳ‌ᠬᠠᠷᠢᠯᠴᠠᠨ ᠬᠠᠮᠵᠢᠯᠴᠠᠵᠤ ᠬᠤᠷᠳᠤᠨ ᠣᠩᠭᠤᠴᠠ ᠪᠠᠷ ᠤᠰᠣᠨ ᠳᠤ ᠪᠦᠰᠡᠯᠡᠭᠳᠡᠭᠰᠡᠨ ᠮᠠᠯᠴᠢᠳ ᠢ ᠵᠦᠭᠡᠭᠡᠵᠦ ᠵᠠᠶᠢᠯᠠᠭᠤᠯᠵᠤ᠂ ᠴᠠᠭ ᠭᠠᠷᠤᠢ ᠶᠢᠨ ᠴᠢᠷᠮᠠᠶᠢᠯᠭ᠎ᠠ ᠪᠠᠷ ᠬᠠᠰᠢᠭᠳᠠᠭᠰᠠᠨ ᠬᠤᠶᠠᠷ ᠮᠠᠯᠴᠢᠨ ᠢ ᠠᠮᠤᠷ ᠲᠦᠪᠰᠢᠨ ᠢᠶᠠᠷ  ᠰᠢᠯᠵᠢᠭᠦᠯᠬᠦ ᠶᠢᠨ ᠬᠠᠮᠲᠤ᠂ ᠭᠠᠴᠠᠭᠠᠨ ᠤ ︽ᠬᠤᠶᠠᠷ ᠵᠥᠪᠯᠡᠯ︾ ᠠᠴᠠ ᠠᠵᠢᠯᠲᠠᠨ ᠲᠣᠬᠢᠷᠠᠭᠤᠯᠤᠨ ᠬᠠᠰᠢᠭᠳᠠᠭᠰᠠᠨ ᠣᠯᠠᠨ ᠲᠦᠮᠡᠨ ᠤ ᠮᠠᠯ ᠤᠨᠠᠭ᠎ᠠ ᠶᠢ ᠬᠠᠷᠠᠭᠠᠯᠵᠠᠭᠤᠯᠵᠤ᠂ ᠣᠯᠠᠨ ᠲᠦᠮᠡᠨ ᠤ ᠲᠤᠯᠭᠠᠮ᠎ᠠ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃
20240417-1-2.jpg
       ᠳᠠᠷᠠᠭᠠᠴᠢ ᠶᠢᠨ ᠠᠯᠬᠤᠮ ᠳᠤ ᠰᠢᠨᠡᠭᠡᠨ ᠵᠡᠭᠦᠨ ᠰᠤᠮᠤ ᠶᠢᠨ ᠬᠢᠨ ᠬᠠᠪᠤᠷ ᠤᠨ ᠤᠯᠠᠷᠢᠯ ᠤᠨ ᠦᠶᠡᠷ ᠢ ᠰᠡᠷᠭᠡᠶᠢᠯᠡᠬᠦ ᠵᠢᠴᠢ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠦᠨ᠎ᠡ᠃ ᠰᠤᠮᠤ ᠶᠢᠨ ᠳᠡᠭᠡᠳᠦ ᠳᠣᠣᠷᠠᠳᠤ ᠱᠠᠲᠤᠨ ᠤ ᠬᠢᠨ ᠬᠠᠷᠢᠶ᠎ᠠ ᠣᠷᠣᠨ ᠤ ᠪᠠᠨ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠪᠠ 24 ᠴᠠᠭ ᠢᠶᠠᠷ ᠵᠢᠵᠢᠭᠦᠷᠯᠡᠨ ᠰᠠᠬᠢᠬᠤ ᠠᠵᠢᠯ ᠢ ᠬᠠᠮᠲᠤ ᠪᠠᠷ ᠴᠢᠷᠮᠠᠶᠢᠨ ᠥᠷᠨᠢᠭᠦᠯᠬᠦ ᠶᠢᠨ ᠬᠠᠮᠲᠤ᠂ ᠦᠶᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠮᠠᠯᠴᠢᠳ ᠤᠨ ᠬᠠᠶᠢᠯ ᠤᠰᠤᠨ ᠤ ᠭᠠᠮᠰᠢᠭ ᠢ ᠠᠷᠭᠠᠴᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠰᠠᠭᠤᠭᠠᠯᠢ ᠮᠠᠯᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠠᠷ  ᠴᠢᠷᠮᠠᠶᠢᠨ᠎ᠠ᠃
20240417-1-3.jpg
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ