ᠬᠤᠢ ᠭᠤᠣᠯ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠄ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠣᠶ ᠰᠢᠭᠤᠢ ᠡᠪᠡᠰᠦ ᠪᠡᠯᠴᠢᠭᠡᠷ ᠤᠨ ᠳᠦᠷᠢᠮ ᠤᠨ ᠠᠵᠢᠯ ᠢ ᠭᠦᠨᠵᠡᠭᠡᠢ ᠪᠥᠭᠡᠳ ᠪᠤᠲᠠᠲᠠᠶᠢᠵᠢᠭᠤᠯᠪᠠ
ᠨᠡᠶᠢᠲᠡᠯᠡᠭᠰᠡᠨ ᠴᠠᠭ᠄
2024/4/19
       ᠣᠶ ᠰᠢᠭᠤᠢ ᠨᠤᠲᠤᠭ ᠪᠡᠯᠴᠢᠭᠡᠷ ᠤᠨ ᠭᠠᠯ ᠪᠠ ᠦᠶᠡᠷ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ᠂ ᠣᠶ ᠰᠢᠭᠤᠢ ᠨᠣᠳᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 4 ᠰᠠᠷ᠎ᠠ ᠶᠢᠨ 17 ᠤ ᠡᠳᠦᠷ᠂ ᠬᠤᠢ ᠭᠤᠣᠯ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠧᠨ ᠱᠧᠩ ᠬᠤᠢ ᠭᠤᠣᠯ ᠬᠠᠮᠠᠭᠠᠯᠠᠯᠲᠠ ᠶᠢᠨ ᠬᠠᠷᠢᠶᠠᠳᠣ ᠣᠷᠣᠨ ᠤ ᠬᠠᠮᠢᠶᠠᠷᠴᠤ ᠬᠠᠮᠠᠭᠠᠯᠠᠬᠤ ᠥᠷᠲᠡᠭᠡ ᠶᠢ ᠬᠢᠨᠠᠨ ᠵᠢᠯᠤᠭᠤᠳᠴᠤ ᠪᠠᠶᠢᠴᠠᠭᠠᠪᠠ᠃       ᠬᠤᠢ ᠭᠤᠣᠯ‌ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠢ ᠲᠠᠯᠠᠪᠠᠶ ᠨᠢ 3468.48 ᠲᠡᠭᠰᠢ ᠳᠥᠷᠪᠡᠯᠵᠢᠨ ᠺᠢᠯᠣᠮᠧᠲᠷ᠂ ᠡᠭᠦᠨ ᠳᠤ ᠣᠶ ᠰᠢᠭᠤᠢ ᠨᠤᠲᠤᠭ ᠪᠡᠯᠴᠢᠭᠡᠷ ᠤᠨ ᠲᠠᠯᠠᠪᠠᠶ ᠨᠢ ᠪᠠᠷᠤᠭ 70% ᠶᠢ ᠡᠵᠡᠯᠡᠵᠦ᠂ ᠮᠠᠰᠢ ᠣᠯᠠᠨ ᠰᠢᠪᠠᠭᠤᠳ ᠵᠢᠴᠢ ᠤᠰᠤᠨ ᠤ ᠰᠢᠪᠠᠭᠤᠳ ᠤᠨ ᠠᠮᠢ ᠠᠬᠤᠢ ᠶᠢᠨ ᠨᠡᠭᠦᠳᠡᠯ ᠤᠨ ᠴᠢᠬᠤᠯᠠ ᠬᠤᠩᠭᠢᠯ ᠪᠣᠯᠣᠨ᠎ᠠ᠃ ᠸᠧᠨ ᠱᠧᠩ ᠴᠢᠬᠤᠯᠠᠴᠢᠯᠠᠭᠰᠠᠨ ᠨᠢ᠂ ᠡᠯ᠎ᠡ ᠬᠠᠮᠢᠶᠠᠷᠤᠨ ᠬᠠᠮᠠᠭᠠᠯᠠᠬᠤ ᠥᠷᠲᠡᠭᠡ ᠲᠦᠷᠦᠭᠦᠯᠡᠨ ᠡᠭᠦᠷᠭᠡᠯᠡᠯ ᠬᠠᠷᠢᠭᠤᠴᠠᠯᠭ᠎ᠠ ᠪᠠᠨ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠣᠶ ᠰᠢᠭᠤᠢ ᠨᠣᠳᠤᠭ ᠪᠡᠯᠴᠢᠭᠡᠷ ᠤᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠶ ᠰᠢᠭᠤᠢ ᠨᠣᠳᠤᠭ ᠪᠡᠯᠴᠢᠭᠡᠷ ᠤᠨ ᠳᠦᠷᠢᠮ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠠᠶᠢᠳᠠᠪᠤᠷᠢᠵᠢᠭᠤᠯᠤᠯᠲᠠ ᠪᠠ ᠦᠷ᠎ᠡ ᠪᠦᠲᠦᠮᠵᠢ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠷᠢᠯᠢᠭ ᠵᠣᠬᠢᠴᠠᠭᠤᠯᠤᠨ ᠬᠠᠮᠵᠢᠯᠴᠠᠵᠤ᠂ ᠡᠩᠨᠡᠭᠡ ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠰᠡᠷᠭᠡᠶᠢᠯᠡᠬᠦ ᠬᠦᠷᠢᠶ᠎ᠡ ᠶᠢ ᠴᠢᠩᠭ᠎ᠠ ᠠᠩᠬᠠᠷᠴᠤ᠂ ᠤᠢ ᠮᠣᠳᠣ ᠡᠪᠡᠰᠦ ᠪᠡᠯᠴᠢᠭᠡᠷ ᠢ ᠬᠠᠮᠠᠭᠠᠯᠠᠬᠤ ᠠᠵᠢᠯ ᠢ ᠴᠥᠬᠦᠷᠡᠰᠢ ᠦᠭᠡᠢ ᠴᠢᠩᠭ᠎ᠠ ᠠᠳᠬᠤᠵᠤ᠂ ᠳᠠᠭᠠᠭᠠᠵᠤ ᠪᠠᠶᠢᠬᠤ ᠬᠠᠮᠠᠭᠠᠯᠠᠯᠲᠠ ᠶᠢᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠳᠦᠷ ᠲᠤᠳᠤᠮ ᠤᠨ ᠲᠣᠭᠤᠷᠢᠨ ᠬᠠᠮᠠᠭᠠᠯᠠᠯᠲᠠ ᠪᠠᠨ ᠴᠢᠩᠭᠠᠳᠬᠠᠵᠤ᠂ ᠬᠠᠮᠲᠤᠷᠠᠯ ᠬᠦᠴᠦᠨ ᠢᠶᠠᠨ ᠬᠦᠴᠦᠷᠬᠡᠭᠵᠢᠭᠦᠯᠬᠦ ᠬᠡᠷᠡᠭᠲᠡᠢ᠃ ᠬᠠᠮᠠᠭᠠᠯᠠᠯᠲᠠ ᠶᠢᠨ ᠣᠷᠣᠨ ᠤ ᠡᠬᠢ ᠪᠠᠶᠠᠯᠢᠭ ᠢ ᠡᠪᠳᠡᠬᠦ ᠪᠠ ᠣᠶᠢᠲᠤ ᠤᠷᠣᠨ ᠡᠪᠡᠰᠦᠲᠦ ᠭᠠᠵᠠᠷ ᠤᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠠᠬᠢ ᠬᠥᠮᠥᠨ ᠲᠥᠷᠥᠯᠬᠢᠲᠡᠨ ᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ ᠤᠢ ᠰᠢᠭᠤᠢ ᠨᠣᠳᠤᠭ ᠪᠡᠯᠴᠢᠭᠡᠷ ᠤᠨ ᠤᠷᠳᠤ ᠬᠤᠭᠤᠴᠠᠭᠠᠨ ᠤ ᠳᠦᠷᠢᠮ ᠤᠨ ᠠᠵᠢᠯ ᠢ ᠨᠠᠷᠢᠯᠢᠭᠵᠢᠭᠤᠯᠬᠤ᠂ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠬᠤᠢ ᠭᠤᠣᠯ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢ ᠡᠷᠡᠰ ᠬᠠᠮᠠᠭᠠᠯᠠᠬᠤ ᠬᠡᠷᠡᠭᠲᠡᠢ᠃
20240419-1.jpg
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ