ᠬᠤᠢ ᠭᠤᠣᠯ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠴᠠᠭᠠᠨ ᠳᠡᠭᠡᠯᠡᠢ ᠡᠭᠦᠷ ᠵᠠᠰᠠᠵᠤ ᠥᠨᠳᠡᠭᠡᠯᠡᠪᠡ
ᠨᠡᠶᠢᠲᠡᠯᠡᠭᠰᠡᠨ ᠴᠠᠭ᠄
2024/5/20
       ᠲᠦᠷᠦᠭᠦᠬᠡᠨ᠂ ᠥᠪᠥᠷ ᠮᠣᠩᠭᠤᠯ ᠤᠨ ᠬᠤᠢ ᠭᠤᠣᠯ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠢᠯᠲᠠᠳ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠳᠤᠮᠳᠠ ᠪᠠᠨ ᠴᠠᠭᠠᠨ ᠳᠡᠭᠡᠯᠡᠢ ᠬᠤᠯᠤᠰᠤᠲᠤ ᠨᠠᠭᠤᠷ ᠲᠤ ᠰᠦᠷᠦᠭᠯᠡᠨ ᠡᠭᠦᠷ ᠵᠠᠰᠠᠵᠤ ᠥᠨᠳᠡᠭᠡᠯᠡᠵᠦ ᠪᠠᠶᠢᠭ᠎ᠠ ᠶᠢ ᠣᠯᠵᠤ ᠮᠠᠲᠠᠵᠠᠢ᠃ ᠪᠠᠶᠢᠭᠠᠯᠢ ᠶᠢᠨ ᠨᠡᠯᠦᠭᠡᠷ ᠵᠤᠵᠠᠭᠠᠨ ᠬᠤᠯᠤᠰᠤ ᠵᠡᠭᠡᠰᠦ ᠨᠢ ᠬᠡᠭᠡᠷ᠎ᠡ ᠶᠢᠨ ᠰᠢᠪᠠᠭᠤᠨ ᠤ ᠦᠷᠡᠵᠢᠨ  ᠣᠯᠠᠰᠢᠷᠠᠬᠤ ᠭᠤᠯᠣᠮᠲᠠ ᠪᠣᠯᠪᠠ᠃ ᠲᠡᠳᠡ‌ᠬᠠᠶᠠ ᠬᠤᠯᠠ ᠥᠨᠳᠥᠷ ᠢᠶᠠᠷ ᠬᠠᠯᠢᠨ ᠨᠢᠰᠬᠦ᠂ ᠬᠠᠶᠠ ᠲᠣᠯᠣᠭᠠᠢ ᠪᠥᠬᠦᠶᠢᠨ ᠢᠳᠡᠰᠢ ᠡᠷᠢᠬᠦ᠂ ᠲᠠᠶᠢᠪᠣᠩ ᠴᠢᠯᠦᠭᠡᠲᠡᠢ ᠪᠠᠶᠢᠳᠠᠯ ᠢᠶᠠᠷ ᠢᠶᠠᠨ ᠬᠤᠯᠤᠰᠤ᠂ ᠬᠥᠬᠡ ᠣᠭᠲᠠᠷᠭᠤᠢ᠂ ᠨᠣᠮᠢᠨ ᠳᠣᠯᠭᠢᠶᠠᠨ ᠲᠠᠢ ᠬᠠᠮᠲᠤ ᠪᠠᠷ ᠡᠶ᠎ᠡ ᠵᠣᠬᠢᠴᠠᠩᠭᠤᠢ ᠭᠤᠶᠣ ᠰᠠᠶᠢᠬᠠᠨ ᠪᠠᠶᠢᠭᠠᠯᠢ ᠶᠢᠨ ᠵᠢᠷᠤᠭ ᠪᠤᠯᠵᠤ ᠬᠠᠷᠠᠭᠳᠠᠨ᠎ᠠ᠃       ᠴᠠᠭᠠᠨ ᠳᠡᠭᠡᠯᠡᠢ ᠪᠣᠯ ᠤᠯᠤᠰ ᠤᠨ ᠬᠤᠶᠠᠳᠣᠭᠠᠷ ᠳᠡᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ ᠪᠣᠯᠣᠨ᠎ᠠ᠂ ᠣᠨᠴᠤᠭᠤᠶᠢᠯᠠᠨ ᠬᠤᠰᠢᠭᠤ ᠨᠢ ᠥᠪᠡᠷᠮᠢᠴᠡ ᠣᠨᠴᠠᠯᠢᠭ ᠲᠠᠢ᠂ ᠥᠷᠭᠡᠨ ᠪᠡᠶ᠎ᠡ ᠲᠠᠢ᠂ ᠥᠲᠥ ᠨᠢ ᠴᠠᠭᠠᠨ᠂ ᠴᠡᠭᠡᠵᠢ ᠶᠢᠨ ᠳᠡᠭᠡᠲᠦ ᠥᠵᠦᠭᠦᠷ ᠨᠢ ᠨᠢᠴᠦᠭᠦᠨ ᠰᠢᠷ᠎ᠠ ᠥᠩᠭᠡᠲᠡᠢ᠂ ᠬᠥᠯ ᠨᠢ ᠬᠠᠷ᠎ᠠ ᠥᠩᠭᠡ ᠲᠠᠢ ᠪᠠᠶᠢᠳᠠᠭ᠂ ᠡᠷᠡᠭᠴᠢᠨ ᠡᠮᠡᠭᠴᠢᠨ ᠰᠢᠪᠠᠭᠤ ᠡᠭᠦᠷ ᠵᠠᠰᠠᠬᠤ ᠳᠤ ᠪᠠᠨ ᠬᠠᠮᠲᠤ  ᠪᠠᠷ ᠣᠷᠣᠯᠴᠠᠵᠤ᠂ ᠦᠷᠭᠦᠯᠵᠢ ᠰᠦᠷᠦᠭᠯᠡᠨ ᠶᠠᠪᠤᠵᠤ᠂ ᠬᠠᠶᠠ ᠵᠠᠷᠢᠮ ᠳᠠᠭᠠᠨ ᠭᠠᠭᠴᠠ ᠨᠢᠭᠡ ᠪᠠᠷ ᠬᠦᠳᠡᠯᠭᠡᠭᠡᠨ ᠬᠢᠳᠡᠭ᠂ ᠰᠣᠨᠣᠷ ᠰᠡᠷᠡᠮᠵᠢ ᠪᠠᠷ ᠣᠨᠴᠠᠭᠠᠶ ᠴᠢᠩᠭ᠎ᠠ᠂ ᠬᠥᠮᠥᠨ ᠲᠠᠢ ᠠᠮᠠᠷᠬᠠᠨ ᠥᠢᠷᠠᠲᠣᠬᠤ ᠦᠭᠡᠢ ᠪᠠᠶᠢᠳᠠᠭ᠃       ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠪᠣᠯ ᠨᠢᠭᠡ ᠭᠠᠵᠠᠷ ᠣᠷᠣᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠪᠠ ᠠᠮᠢ ᠠᠬᠤᠢ ᠶᠢᠨ ᠪᠣᠯᠪᠠᠰᠤᠨ ᠤ ᠬᠡᠮᠵᠢᠶ᠎ᠡ ᠶᠢ ᠬᠡᠮᠵᠢᠬᠦ ᠴᠢᠬᠤᠯᠠ ᠭᠦᠢᠴᠡᠳᠬᠡᠯ ᠲᠤᠭ᠎ᠠ ᠮᠥᠨ᠃  ᠬᠤᠢ ᠭᠤᠣᠯ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠲᠣ ᠨᠢᠭᠡᠨᠲᠡ ᠲᠡᠮᠳᠡᠭᠯᠡᠭᠰᠡᠨ ᠰᠢᠪᠠᠭᠤᠨ ᠤ ᠲᠥᠷᠥᠯ 56 ᠲᠥᠷᠥᠯ ᠂ 316 ᠵᠦᠢᠯ ᠤᠨ ᠰᠢᠪᠠᠭᠤ  ᠪᠠᠶᠢᠳᠠᠭ᠂ ᠡᠭᠦᠨ ᠳᠤ ᠠᠯ ᠰᠡᠭᠦᠯ᠂ ᠲᠣᠭᠤᠳᠠᠭ ᠵᠡᠷᠭᠡ ᠤᠯᠤᠰ ᠤᠨ ᠨᠢᠭᠡᠳᠦᠭᠡᠷ ᠲᠠᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ 22 ᠵᠦᠢᠯ᠂ ᠬᠤᠨ ᠭᠠᠯᠠᠭᠤ᠂ ᠴᠠᠭᠠᠨ ᠳᠡᠭᠡᠯᠡᠢ ᠵᠡᠷᠭᠡ ᠤᠯᠤᠰ ᠤᠨ ᠬᠤᠶᠠᠳᠣᠭᠠᠷ ᠲᠠᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ 56 ᠵᠦᠢᠯ ᠪᠣᠶ᠃ ᠠᠶᠠᠨ ᠤ ᠰᠢᠪᠠᠭᠤ ᠨᠡᠭᠦᠳᠡᠯ ᠤᠨ ᠤᠯᠠᠷᠢᠯ ᠳᠤ ᠲᠤᠬᠠᠢ ᠶᠢᠨ ᠡᠳᠦᠷ ᠲᠤ ᠪᠠᠨ ᠰᠢᠪᠠᠭᠤᠨ ᠤ ᠲᠥᠷᠥᠯ ᠤᠨ ᠲᠤᠭ᠎ᠠ ᠪᠠᠷ ᠬᠠᠮᠤᠭ ᠠᠷᠪᠢᠨ ᠳᠠᠭᠠᠨ ᠬᠡᠳᠦᠨ ᠲᠦᠮᠡ ᠬᠦᠷᠴᠦ ᠪᠠᠶᠢᠳᠠᠭ᠂ ᠬᠤᠢ ᠭᠤᠣᠯ ᠤᠨ ᠨᠤᠭᠤ ᠭᠠᠵᠠᠷ ᠨᠢᠭᠡᠨᠲᠡ ᠨᠡᠭᠦᠳᠡᠯ ᠤᠨ ᠰᠢᠪᠠᠭᠤᠳ ᠤᠨ ᠴᠢᠬᠤᠯᠠ ᠦᠷᠡᠵᠢᠯᠲᠡ᠂ ᠣᠷᠣᠰᠢᠨ ᠠᠮᠢᠳᠤᠷᠠᠬᠤ ᠭᠠᠵᠠᠷ ᠵᠢᠴᠢ ᠠᠶᠠᠨ ᠤ ᠥᠷᠲᠡᠭᠡ ᠪᠣᠯᠤᠭᠰᠠᠨ ᠪᠠᠶᠢᠨ᠎ᠠ᠃
20240520-1-1.png
20240520-1-2.png
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ