ᠬᠤᠨᠲᠤ ᠨᠤᠲᠤᠭ —  ᠬᠠᠭᠤᠴᠢᠨ ᠪᠠᠷᠭᠤ ᠬᠤᠰᠢᠭᠤᠨ ᠤ ᠬᠦᠬᠡᠨᠠᠭᠤᠷ ᠪᠠᠯᠭᠠᠰᠤ
ᠨᠡᠶᠢᠲᠡᠯᠡᠭᠰᠡᠨ ᠴᠠᠭ᠄
2024/5/24
        ᠬᠠᠭᠤᠴᠢᠨ ᠪᠠᠷᠭᠤ ᠬᠤᠰᠢᠭᠤᠨ ᠤ ᠬᠦᠬᠡᠨᠠᠭᠤᠷ ᠪᠠᠯᠭᠠᠰᠤ ᠪᠣᠯ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠢᠲᠤ ᠬᠡᠰᠡᠭ ᠲᠤ ᠪᠠᠶᠢᠷᠢᠯᠠᠵᠤ᠂ ᠲᠡᠭᠦᠨ ᠤ ᠪᠠᠶᠢᠭᠠᠯᠢ ᠶᠢᠨ ᠰᠠᠶᠢᠬᠠᠨ ᠦᠵᠡᠮᠵᠢ ᠪᠠ ᠡᠯᠪᠡᠭ ᠪᠠᠶᠠᠯᠢᠭ ᠠᠮᠢ ᠠᠬᠤᠢ ᠪᠠᠷ ᠠᠯᠳᠠᠷᠰᠢᠭᠰᠠᠨ ᠭᠠᠵᠠᠷ ᠪᠣᠯᠤᠨ᠎ᠠ᠃ ᠡᠨᠡ ᠭᠠᠵᠠᠷ ᠨᠢ ᠨᠤᠲᠤᠭ ᠳᠡᠪᠢᠰᠬᠡᠷ ᠥᠷᠭᠡᠨ ᠠᠭᠤᠳᠠᠮ ᠬᠡᠭᠡᠷ᠎ᠡ ᠶᠢᠨ ᠠᠮᠢᠲᠠᠨ ᠤᠷᠭᠤᠮᠠᠯ ᠡᠯᠪᠡᠭ ᠪᠠᠶᠠᠯᠢᠭ ᠪᠠᠶᠢᠳᠠᠭ᠃ ᠤᠶᠢᠷ᠎ᠠ ᠳᠤ᠂ ᠡᠨᠡ ᠰᠠᠢᠬᠠᠨ ᠨᠤᠲᠤᠭ ᠨᠢ ᠪᠠᠰᠠ ᠬᠤᠨ ᠭᠠᠯᠠᠭᠤ ᠪᠤᠴᠠᠵᠤ ᠢᠷᠡᠭᠰᠡᠨ ᠠᠴᠠ ᠪᠣᠯᠵᠤ ᠵᠤᠭᠠᠴᠠᠭᠰᠠᠳ ᠤᠨ ᠠᠩᠬᠠᠷᠤᠯ ᠢ ᠲᠠᠲᠠᠵᠤ ᠪᠤᠢ᠃
20240524-1-1.jpg
       ᠬᠦᠬᠡᠨᠠᠭᠤᠷ ᠪᠠᠯᠭᠠᠰᠤᠨ ᠳᠤ ᠨᠡᠢᠲᠡ 31 ᠨᠠᠭᠤᠷ ᠪᠠᠶᠢᠳᠠᠭ᠂ ᠵᠢᠯ ᠪᠦᠷᠢ ᠶᠢᠨ ᠬᠠᠪᠤᠷ ᠤᠨ ᠤᠯᠠᠷᠢᠯ ᠳᠤ᠂ ᠬᠦᠬᠡᠨᠠᠭᠤᠷ ᠪᠠᠯᠭᠠᠰᠤᠨ ᠤ ᠨᠠᠭᠤᠷ ᠪᠠ ᠭᠤᠣᠯ ᠮᠥᠷᠡᠨ ᠳᠤ ᠬᠡᠳᠦᠨ ᠵᠠᠭᠤᠨ ᠬᠤᠨ ᠭᠠᠯᠠᠭᠤ ᠠᠯᠤᠰ ᠬᠤᠯᠠ ᠠᠴᠠ ᠨᠢᠰᠤᠨ ᠢᠷᠡᠵᠤ ᠤᠰᠤᠨ ᠳᠤ ᠤᠮᠪᠠᠨ ᠲᠩᠷᠢ ᠳᠤ ᠬᠠᠯᠢᠨ᠂ ᠡᠨᠡᠬᠦ ᠰᠢᠳᠢᠲᠦ ᠨᠤᠲᠤᠭ ᠲᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
20240524-1-2.jpg
       ᠬᠤᠨ ᠭᠠᠯᠠᠭᠤ ᠪᠣᠯ ᠬᠠᠭᠤᠴᠢᠨ ᠪᠠᠷᠭᠤ ᠬᠤᠰᠢᠭᠤᠨ ᠤ ᠴᠢᠬᠤᠯᠠ ᠪᠡᠯᠭᠡ ᠲᠡᠮᠳᠡᠭ ᠤᠨ ᠨᠢᠭᠡ ᠪᠣᠯᠤᠨ᠎ᠠ᠂ ᠮᠥᠨ ᠴᠦ ᠬᠦᠬᠡᠨᠠᠭᠤᠷ ᠪᠠᠯᠭᠠᠰᠤᠨ ᠤ ᠣᠮᠣᠭᠰᠢᠯ ᠪᠣᠯᠤᠨ᠎ᠠ᠃ ᠬᠦᠬᠡᠨᠠᠭᠤᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠬᠠᠶ ᠶᠢᠨ ᠭᠠᠵᠠᠷ ᠤᠨ ᠮᠠᠯᠴᠢᠳ ᠡᠳᠡᠭᠡᠷ ᠡᠷᠬᠢᠮ ᠨᠠᠨᠳᠢᠨ ᠵᠣᠴᠢᠳ ᠢ ᠮᠠᠰᠢ ᠴᠢᠬᠤᠯᠠᠴᠢᠯᠠᠨ ᠦᠵᠡᠵᠦ᠂ ᠠᠯᠢ ᠣᠯᠠᠨ ᠠᠷᠭ᠎ᠠ ᠬᠡᠮᠵᠢᠶ᠎ᠡ ᠠᠪᠴᠤ ᠬᠤᠨ ᠭᠠᠯᠠᠭᠤ ᠳᠤ ᠠᠮᠤᠷ ᠲᠦᠪᠰᠢᠨ ᠦᠷᠡᠵᠢᠭᠦᠯᠬᠦ ᠣᠷᠴᠢᠨ ᠨᠥᠬᠦᠴᠡᠯ ᠢ ᠬᠠᠩᠭᠠᠭᠰᠠᠨ ᠪᠠᠶᠢᠨ᠎ᠠ᠃
20240524-1-3.jpg
       ᠬᠤᠨ ᠭᠠᠯᠠᠭᠤ ᠶᠢᠨ ᠲᠤᠭ᠎ᠠ ᠵᠢᠯ ᠳᠠᠷᠠᠭᠠᠯᠠᠨ ᠨᠡᠮᠡᠭᠳᠡᠭᠰᠡᠨ ᠨᠢ ᠬᠠᠮᠠᠭᠠᠯᠠᠬᠤ ᠠᠵᠢᠯ ᠢᠯᠡᠳᠲᠡ ᠠᠮᠵᠢᠯᠲᠠ ᠣᠯᠣᠭᠰᠠᠨ ᠢ ᠭᠡᠷᠡᠴᠢᠯᠡᠵᠦ ᠪᠠᠢᠨ᠎ᠠ᠃ ᠡᠭᠦᠨ ᠤ ᠬᠠᠮᠲᠤ᠂ ᠡᠨᠡ ᠨᠢ ᠪᠠᠰᠠ ᠨᠠᠩ ᠣᠯᠠᠨ ᠵᠤᠭᠠᠴᠠᠭᠰᠠᠳ ᠪᠠ ᠭᠡᠷᠡᠯ ᠵᠢᠷᠤᠭ ᠤᠨ ᠪᠠᠭ᠋ᠠᠲᠠᠶ ᠬᠥᠮᠦᠰ ᠢ ᠲᠠᠲᠠᠵᠤ᠂ ᠡᠨᠡ ᠬᠦ ᠪᠠᠶᠢᠭᠠᠯᠢ ᠶᠢᠨ ᠭᠠᠶᠢᠬᠠᠮᠰᠢᠭᠲᠤ ᠦᠵᠡᠭᠳᠡᠯ ᠢ ᠰᠤᠨᠢᠷᠬᠠᠳᠠᠭ ᠪᠠᠶᠢᠨ᠎ᠠ᠃ ᠪᠢᠳᠡ ᠲᠠᠨ ᠤ ᠬᠠᠭᠤᠴᠢᠨ ᠪᠠᠷᠭᠤ ᠬᠤᠰᠢᠭᠤᠨ ᠤ ᠬᠥᠬᠡᠨᠠᠭᠤᠷ ᠪᠠᠯᠭᠠᠰᠤᠨ ᠳᠤ ᠢᠷᠡᠵᠦ ᠡᠳᠡᠭᠡᠷ ᠦᠵᠡᠰᠬᠦᠯᠡᠩᠲᠦ ᠰᠠᠶᠢᠬᠠᠨ ᠬᠤᠨ ᠭᠠᠯᠠᠭᠤ ᠶᠢ ᠨᠢᠳᠦ ᠪᠠᠷ ᠢᠶᠠᠨ ᠦᠵᠡᠬᠦ ᠶᠢ ᠬᠦᠰᠡᠵᠦ ᠪᠠᠶᠢᠨ᠎ᠠ᠂ ᠡᠨᠡ ᠬᠦ ᠭᠠᠵᠠᠷ ᠣᠷᠣᠨ ᠤ ᠷᠢᠳᠢ ᠰᠢᠳᠢ ᠪᠠ ᠠᠮᠢᠵᠢᠷᠠᠯ ᠤᠨ ᠬᠦᠴᠦᠨ ᠢ ᠮᠡᠳᠡᠷᠡᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠪᠢᠳᠡ ᠪᠠᠰᠠ ᠲᠠ ᠪᠢᠳᠡᠨ ᠤ ᠡᠩᠨᠡᠭᠡ ᠳᠤ ᠣᠷᠣᠯᠴᠠᠵᠤ᠂ ᠬᠠᠮᠲᠤ ᠪᠠᠷ ᠪᠠᠶᠢᠭᠠᠯᠢ ᠶᠢ ᠬᠠᠮᠠᠭᠠᠯᠠᠬᠤ᠂ ᠬᠤᠨ ᠭᠠᠯᠠᠭᠤ ᠶᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ 
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ