ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠱᠠᠩᠳᠤ ᠶᠢᠨ ᠰᠢᠷ᠎ᠠ ᠲᠠᠯ᠎ᠠ ᠳᠤ | ᠪᠠᠶᠢᠷᠢᠯᠠᠳᠠᠭ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠶᠡᠷᠦᠩᠬᠡᠢ ᠲᠠᠯᠠᠪᠠᠢ ᠨᠢ 250 ᠲᠡᠭᠰᠢ ᠳᠥᠷᠪᠡᠯᠵᠢᠨ ᠺᠢᠯᠣᠮᠧᠳ᠋ᠷ᠂ 1256 ᠣᠨ ᠳᠤ ᠶᠤᠸᠠᠨ | ᠱᠢᠽᠤ ᠬᠤᠪᠢᠯᠠᠢ ᠬᠠᠭᠠᠨ ᠤ ᠵᠠᠷᠯᠢᠭ ᠢᠶᠠᠷ ᠡᠬᠢᠯᠡᠨ ᠪᠠᠶᠢᠭᠤᠯᠵᠠᠢ᠃ ᠶᠤᠸᠠᠨ ᠤ ᠳᠡᠭᠡᠳᠦ ᠨᠡᠶᠢᠰᠯᠡᠯ ᠲᠤᠬᠠᠢ ᠶᠢᠨ ᠦᠶ᠎ᠡ ᠶᠢᠨ ᠤᠯᠤᠰ ᠲᠥᠷᠤ᠂ ᠠᠵᠤ ᠠᠬᠤᠢ᠂ | ᠴᠡᠷᠢᠭ ᠤᠨ ᠶᠠᠪᠤᠳᠠᠯ᠂ ᠰᠣᠶᠣᠯ ᠤᠨ ᠲᠥᠪ ᠪᠣᠯᠵᠤ᠂ ᠲᠤᠮᠳᠠᠳᠤ ᠤᠯᠤᠰ ᠤᠨ ᠡᠷᠲᠡᠨ ᠤ ᠲᠡᠦᠬᠡ ᠪᠣᠯᠣᠨ ᠳᠡᠯᠡᠬᠡᠢ ᠶᠢᠨ ᠨᠡᠭᠦᠳᠡᠯᠴᠢᠨ ᠦᠨᠳᠦᠰᠦᠲᠡᠨ ᠤ | ᠲᠡᠦᠬᠡ ᠶᠢᠨ ᠰᠢᠨ᠎ᠡ ᠣᠨ ᠲᠣᠭᠠᠯᠠᠯ ᠢ ᠨᠡᠭᠡᠭᠡᠵᠦ᠂ ᠮᠣᠩᠭᠤᠯ ᠶᠤᠸᠠᠨ ᠤ ᠰᠣᠶᠣᠯ᠂ ᠶᠤᠸᠠᠨ ᠤ ᠤᠯᠠᠨ ᠦᠨᠳᠦᠰᠦᠲᠡᠨ ᠤ ᠰᠣᠶᠣᠯ ᠪᠣᠯᠪᠠᠰᠤᠨ ᠢ | ᠠᠭᠤᠰᠤᠯᠴᠠᠭᠤᠯᠤᠨ᠂ ᠥᠷᠥᠨᠡᠳᠠᠬᠢᠨ ᠪᠠ ᠳᠣᠷᠣᠨᠠᠳᠠᠬᠢᠨ ᠤ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠴᠢᠬᠤᠯᠠ | ᠪᠣᠯᠪᠠᠰᠤᠨ ᠤ ᠲᠡᠦᠬᠡ ᠶᠢ ᠲᠡᠮᠳᠡᠭᠯᠡᠭᠰᠡᠨ ᠳᠡᠯᠡᠬᠡᠢ ᠶᠢᠨ ᠬᠠᠮᠤᠭ ᠤᠨ ᠲᠥᠯᠥᠭᠡᠯᠡᠬᠦ ᠴᠢᠨᠠᠷ ᠪᠦᠬᠦᠢ ᠨᠡᠭᠦᠳᠡᠯᠴᠢᠨ ᠦᠨᠳᠦᠰᠦᠲᠡᠨ ᠤ ᠰᠣᠶᠣᠯ ᠤᠨ ᠥᠪ ᠪᠣᠯᠤᠭᠰᠠᠨ | ᠶᠤᠮ᠃ | ᠪᠠᠭᠤᠷᠢ ᠶᠢᠨ ᠦᠯᠡᠳᠡᠭᠳᠡᠯ᠄ ᠭᠠᠳᠠᠷ ᠬᠤᠲᠠ᠂ ᠬᠠᠭᠠᠨ ᠤ ᠬᠤᠲᠠ᠂ ᠣᠷᠳᠣᠨ ᠬᠤᠲᠠ᠂ ᠪᠣᠭᠤᠮᠲᠠ ᠶᠢᠨ ᠲᠣᠭᠤᠷᠢᠭ᠂ ᠰᠦᠮ᠎ᠡ ᠬᠡᠶᠢᠳ᠂ ᠬᠡᠭᠦᠷ | ᠤᠡᠭᠭᠤᠨ᠂ ᠤᠰᠤᠨ ᠠᠰᠢᠭᠯᠠᠯᠲᠠ ᠶᠢᠨ ᠪᠠᠷᠢᠯᠭ᠎ᠠ ᠵᠡᠷᠭᠡ᠃ | ᠨᠡᠷ᠎ᠡ ᠶᠢᠨ ᠬᠠᠭᠤᠳᠠᠰᠤ᠄ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠣᠯ ᠭᠤᠷᠪᠠᠳᠤᠭᠠᠷ ᠪᠦᠯᠦᠭ ᠤᠨ ᠪᠦᠭᠦ ᠤᠯᠤᠰ ᠤᠨ ᠭᠤᠣᠯᠳᠠᠯᠭᠠᠲᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠶᠢᠵᠤ᠂ 2012 ᠣᠨ ᠳᠤ ᠳᠡᠯᠡᠬᠡᠢ ᠶᠢᠨ ᠰᠣᠶᠣᠯ ᠤᠨ ᠥᠪ ᠲᠤ ᠪᠦᠷᠢᠳᠬᠡᠭᠳᠡᠵᠦ᠂ 2021 ᠣᠨ ᠳᠤ | ᠵᠠᠭᠤᠨ ᠵᠢᠯ ᠤᠨ ᠵᠠᠭᠤᠨ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠪᠠᠷ ᠲᠣᠳᠣᠷᠠᠪᠠ᠃ | ᠦᠵᠡᠮᠵᠢ ᠶᠢᠨ ᠣᠷᠣᠨ᠄ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠧᠢ᠂ ᠠᠯᠲᠠᠩᠬᠸ᠎ᠠ ᠶᠢᠨ | ᠲᠠᠯ᠎ᠠ᠂ ᠱᠠᠩᠳᠤ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠶᠡᠭᠡ ᠪᠠᠭ᠎ᠠ ᠵᠢᠭᠠᠰᠤᠲᠠᠢ ᠨᠠᠭᠤᠷ᠃ | |