ᠰᠢᠶᠠ ᠵᠢᠶᠠ ᠳ᠋ᠢᠶᠠᠨ ᠤ ᠪᠠᠭᠤᠷᠢ ᠶᠢᠨ ᠰᠦᠷᠦᠭᠵᠢᠯ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠸᠠᠩ ᠵᠢᠶᠠ ᠳ᠋ᠢᠶᠠᠨ ᠰᠢᠶᠠᠩ ᠤᠨ ᠰᠢᠶᠠ ᠵᠢᠶᠠ | ᠳ᠋ᠢᠶᠠᠨ ᠲᠣᠰᠬᠤᠨ ᠤ ᠬᠤᠶᠢᠲᠤ ᠲᠠᠯ᠎ᠠ ᠳᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 38 ᠲᠦᠮᠡᠨ ᠲᠡᠭᠰᠢ ᠳᠥᠷᠪᠡᠯᠵᠢᠨ ᠮᠤᠳ᠋ᠷ ᠰᠢᠬᠠᠮ ᠪᠤᠢ᠃ ᠰᠢᠶᠠ ᠵᠢᠶᠠ | ᠳ᠋ᠢᠶᠠᠨ ᠤ ᠪᠠᠭᠤᠷᠢ ᠪᠣᠯ ᠳᠤᠮᠳᠠᠳᠤ ᠤᠯᠤᠰ ᠤᠨ ᠤᠮᠠᠷᠠᠲᠤ ᠶᠢᠨ ᠬᠦᠷᠡᠯ ᠵᠡᠪᠰᠡᠭ ᠤᠨ ᠦᠶ᠎ᠡ ᠶᠢᠨ ᠡᠷᠲᠡ ᠦᠶ᠎ᠡ ᠶᠢᠨ ᠪᠠᠭᠤᠷᠢ ᠪᠣᠯᠣᠨ᠎ᠠ᠃ ᠲᠡᠭᠦᠨ ᠤ ᠰᠣᠶᠣᠯ ᠤᠨ | ᠠᠭᠤᠯᠤᠭᠳᠠᠬᠤᠨ ᠳᠤ ᠰᠢᠶᠠ ᠵᠢᠶᠠ ᠳ᠋ᠢᠶᠠᠨ ᠤ ᠳᠣᠣᠷᠠᠳᠤ ᠳᠠᠪᠬᠤᠷᠭ᠎ᠠ ᠶᠢᠨ ᠰᠣᠶᠣᠯ ᠪᠠ ᠰᠢᠶᠠ ᠵᠢᠶᠠ ᠳ᠋ᠢᠶᠠᠨ ᠤ ᠳᠡᠭᠡᠳᠦ ᠳᠠᠪᠬᠤᠷᠭ᠎ᠠ ᠶᠢᠨ ᠰᠣᠶᠣᠯ᠂ | ᠪᠠᠶᠢᠯᠳᠤᠭᠠᠨᠲᠤ ᠤᠯᠤᠰ ᠤᠨ ᠦᠶ᠎ᠡ ᠶᠢᠨ ᠰᠣᠶᠣᠯ ᠪᠠᠭᠲᠠᠨ᠎ᠠ᠃ ᠰᠢᠶᠠ ᠵᠢᠶᠠ ᠳ᠋ᠢᠶᠠᠨ ᠤ ᠪᠠᠭᠤᠷᠢ ᠨᠤᠭᠤᠳ ᠨᠢ ᠳᠤᠮᠳᠠᠳᠤ ᠶᠢᠨ ᠪᠣᠯᠪᠠᠰᠤᠨ ᠤ ᠡᠭᠦᠰᠦᠯ ᠭᠠᠷᠤᠯ ᠢ | ᠰᠢᠨᠵᠢᠯᠡᠨ ᠰᠤᠳᠤᠯᠬᠤ ᠳᠤ ᠰᠢᠨ᠎ᠡ ᠴᠢᠬᠤᠯᠠ ᠪᠣᠳᠠᠰ ᠤᠨ ᠭᠡᠷᠡᠴᠢ ᠬᠠᠩᠭᠠᠵᠤ᠂ ᠲᠠᠯ᠎ᠠ ᠨᠤᠲᠤᠭ ᠤᠨ ᠬᠦᠷᠡᠯ ᠵᠡᠪᠰᠡᠭ ᠤᠨ ᠰᠣᠶᠣᠯ᠂ ᠤᠮᠠᠷᠠᠲᠤ ᠶᠢᠨ ᠨᠡᠭᠦᠳᠡᠯᠴᠢᠨ | ᠦᠨᠳᠦᠰᠦᠲᠡᠨ ᠤ ᠲᠠᠭᠢᠯᠭ᠎ᠠ ᠪᠠ ᠱᠠᠰᠢᠨ ᠰᠤᠷᠲᠠᠬᠤᠨ ᠤ ᠠᠵᠢᠯᠯᠠᠭ᠎ᠠ ᠶᠢ ᠰᠢᠨᠵᠢᠯᠡᠨ ᠰᠤᠳᠤᠯᠬᠤ ᠳᠤ ᠴᠢᠬᠤᠯᠠ ᠶᠡᠭᠡ ᠡᠷᠳᠡᠮ ᠰᠢᠨᠵᠢᠯᠡᠭᠡᠨ ᠤ ᠠᠴᠢ | ᠬᠤᠯᠪᠣᠭᠳᠠᠯ ᠲᠠᠢ᠃ | ᠪᠠᠭᠤᠷᠢ ᠶᠢᠨ ᠦᠯᠡᠳᠡᠭᠳᠡᠯ᠄ ᠰᠢᠶᠠ ᠵᠢᠶᠠ ᠳ᠋ᠢᠶᠠᠨ ᠤ ᠪᠠᠭᠤᠷᠢ ᠠᠴᠠ ᠨᠡᠶᠢᠲᠡ 9 ᠪᠠᠭᠤᠷᠢ ᠣᠯᠳᠠᠵᠤ᠂ ᠶᠡᠭᠡ ᠬᠡᠮᠵᠢᠶᠡᠨ ᠤ ᠴᠢᠯᠠᠭᠤᠨ ᠵᠡᠪᠰᠡᠭ᠂ ᠸᠠᠭᠠᠷ | ᠰᠠᠪᠠ᠂ ᠬᠦᠷᠡᠯ ᠵᠡᠪᠰᠡᠭ᠂ ᠬᠠᠰ ᠰᠠᠪᠠ᠂ ᠶᠠᠰᠤᠨ ᠰᠠᠪᠠ᠂ ᠴᠢᠯᠠᠭᠤᠨ ᠪᠠᠭᠠᠵᠢ᠂ ᠬᠤᠨᠢ ᠦᠬᠡᠷ ᠭᠠᠭ᠋ᠠᠢ ᠨᠣᠬᠠᠢ ᠪᠠ ᠪᠤᠭᠤ ᠶᠢᠨ ᠠᠷᠤᠭ ᠶᠠᠰᠤ ᠣᠯᠳᠠᠵᠠᠢ᠃ | ᠨᠡᠷ᠎ᠡ ᠶᠢᠨ ᠬᠠᠭᠤᠳᠠᠰᠤ᠄ ᠵᠢᠷᠭᠤᠳᠤᠭᠠᠷ ᠪᠦᠯᠦᠭ ᠤᠨ ᠪᠦᠭᠦ ᠤᠯᠤᠰ ᠤᠨ ᠭᠤᠣᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠢ᠃ | ᠦᠵᠡᠮᠵᠢ ᠶᠢᠨ ᠣᠷᠣᠨ᠄ ᠤᠯᠠᠭᠠᠨ ᠬᠠᠳᠠ ᠮᠦᠽᠧᠢ᠂ ᠤᠯᠠᠭᠠᠨᠬᠠᠳᠠ ᠶᠢᠨ ᠬᠤᠨᠭ᠍ᠱᠠᠨ ᠰᠣᠶᠣᠯ ᠤᠨ ᠮᠦᠽᠧᠢ᠂ ᠬᠤᠨᠭ᠍ᠱᠠᠨ ᠤᠯᠤᠰ ᠤᠨ ᠤᠢ ᠰᠢᠭᠤᠢ ᠶᠢᠨ | ᠴᠡᠴᠡᠷᠯᠢᠭ᠂ ᠤᠯᠠᠭᠠᠨᠬᠠᠳᠠ ᠤᠷᠭᠤᠮᠠᠯ ᠤᠨ ᠬᠦᠷᠢᠶᠡᠯᠡᠩ᠂ ᠬᠤᠨᠭ᠍ᠱᠠᠨ ᠴᠡᠴᠡᠷᠯᠢᠭ᠃ | |