ᠬᠠᠮᠪᠤ ᠶᠢᠨ ᠪᠠᠭᠤᠷᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠱᠤᠪᠡᠷᠲᠤ ᠪᠠᠯᠭᠠᠰᠤ ᠠᠴᠠ ᠵᠡᠭᠦᠨ ᠡᠮᠦᠨᠡᠰᠢ 15 ᠺᠢᠯᠣᠮᠧᠳ᠋ᠷ ᠲᠤ ᠪᠠᠶᠢᠷᠢᠯᠠᠵᠤ | ᠪᠠᠶᠢᠳᠠᠭ᠃ ᠬᠠᠮᠪᠤ ᠶᠢᠨ ᠪᠠᠭᠤᠷᠢ ︵ᠬᠠᠮᠪᠤ ᠶᠢᠨ ᠮᠠᠩᠬ᠎ᠠ ᠶᠢᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠠᠶᠢᠯ ᠤᠨ ᠪᠠᠭᠤᠷᠢ ᠭᠡᠳᠡᠭ︶ ᠶᠢᠨ ᠶᠡᠷᠦᠩᠬᠡᠢ | ᠲᠡᠯᠡᠪᠡᠢ ᠨᠢ 17 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠵᠤ᠂ ᠤᠳᠤ ᠠᠴᠠ ᠪᠠᠷᠤᠭ 5500 ᠢᠯᠡᠭᠦᠦ ᠵᠢᠯ ᠤᠨ ᠡᠮᠦᠨᠡᠬᠢ ᠴᠠᠭ ᠦᠶ᠎ᠡ ᠳᠤ ᠬᠠᠷᠢᠶᠠᠯᠠᠭᠳᠠᠨ᠎ᠠ᠃ | ᠬᠠᠮᠪᠤ ᠶᠢᠨ ᠪᠠᠭᠤᠷᠢ ᠶᠢᠨ ᠬᠦᠷᠢᠶ᠎ᠡ ᠬᠡᠪᠴᠢᠶ᠎ᠡ ᠶᠡᠭᠡ᠂ ᠬᠠᠳᠠᠭᠠᠯᠠᠯᠲᠠ ᠪᠦᠷᠢᠨ ᠪᠦᠲᠦᠨ᠂ ᠦᠵᠡᠭᠳᠡᠯ ᠨᠢ ᠪᠤᠳᠤᠯᠢᠶᠠᠨᠲᠠᠢ ᠪᠥᠭᠡᠳ ᠥᠪᠡᠷᠮᠢᠴᠡ ᠭᠠᠶᠢᠬᠠᠯᠲᠠᠢ᠂ | ᠮᠠᠨ ᠤ ᠤᠯᠤᠰ ᠤᠨ ᠵᠡᠭᠦᠨ ᠬᠤᠶᠢᠲᠤ ᠣᠷᠣᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠬᠠᠭᠤᠴᠢ ᠰᠤᠳᠤᠯᠤᠯ ᠤᠨ ᠰᠣᠶᠣᠯ ᠤᠨ ᠬᠤᠭᠤᠰᠤᠨ ᠢ | ᠨᠥᠬᠦᠪᠦᠷᠢᠯᠡᠵᠦ᠂ ᠬᠤᠷᠴᠢᠨ ᠨᠤᠲᠤᠭ ᠤᠨ ᠡᠷᠲᠡᠨ ᠤ ᠲᠡᠦᠬᠡ ᠶᠢ ᠰᠤᠳᠤᠯᠬᠤ᠂ ᠦᠨᠳᠦᠰᠦᠲᠡᠨ ᠤ ᠰᠣᠶᠣᠯ ᠢᠶᠠᠨ ᠤᠯᠠᠮᠵᠢᠯᠠᠨ ᠪᠠᠳᠠᠷᠠᠭᠤᠯᠬᠤ ᠪᠠ ᠲᠤᠰ ᠭᠠᠵᠠᠷ | ᠣᠷᠣᠨ ᠤ ᠰᠣᠶᠣᠯ ᠤᠨ ᠨᠠᠷᠡᠲᠤ ᠲᠡᠮᠳᠡᠭ ᠢ ᠡᠭᠦᠳᠬᠦ᠂ ᠰᠣᠶᠣᠯ ᠵᠢᠭᠤᠯᠴᠢᠯᠠᠯ ᠪᠠ ᠠᠵᠤ ᠠᠬᠤᠢ ᠶᠢ ᠬᠥᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ | ᠪᠠᠭᠤᠷᠢ ᠶᠢᠨ ᠦᠯᠡᠳᠡᠭᠳᠡᠯ᠄ 81 ᠭᠡᠷ ᠪᠠᠶᠢᠰᠢᠩ ᠤᠨ ᠰᠠᠭᠤᠷᠢ᠂ 14 ᠬᠡᠭᠦᠷ ᠤᠡᠭᠭᠤᠨ᠂ 2000 ᠮᠢᠩᠭ᠎ᠠ ᠭᠠᠷᠤᠢ ᠸᠠᠭᠠᠷ ᠰᠠᠪᠠ᠂ ᠴᠢᠯᠠᠭᠤᠨ ᠵᠡᠪᠰᠡᠭ᠂ | ᠬᠠᠰ ᠡᠳ᠋ᠯᠡᠯ᠂ ᠶᠠᠰᠤᠨ ᠡᠳ᠋ᠯᠡᠯ᠂ ᠬᠢᠰᠤᠭ᠎ᠠ ᠶᠢᠨ ᠬᠡᠷᠡᠭᠰᠡᠯ ᠵᠡᠷᠭᠡ᠃ | ᠨᠡᠷ᠎ᠡ ᠶᠢᠨ ᠬᠠᠭᠤᠳᠠᠰᠤ᠄ 2011 ᠣᠨ ᠤ ᠪᠦᠭᠦ ᠤᠯᠤᠰ ᠤᠨ ᠬᠠᠭᠤᠴᠢ ᠰᠤᠳᠤᠯᠤᠯ ᠤᠨ ᠠᠷᠪᠠᠨ ᠰᠢᠨ᠎ᠡ ᠢᠯᠡᠷᠡᠭᠦᠯᠦᠯᠲᠡ ᠶᠢᠨ ᠨᠢᠭᠡ᠂ ᠳᠤᠮᠳᠠᠳᠤ | ᠤᠯᠤᠰ ᠤᠨ ᠬᠠᠭᠤᠴᠢ ᠰᠤᠳᠤᠯᠤᠯ ᠤᠨ ᠵᠢᠷᠭᠤᠭᠠᠨ ᠰᠢᠨ᠎ᠡ ᠢᠯᠡᠷᠡᠭᠦᠯᠦᠯᠲᠡ ᠶᠢᠨ ᠨᠢᠭᠡ᠂ 2016 ᠣᠨ ᠤ ᠥᠪᠡᠷᠲᠡᠭᠡᠨ ᠵᠠᠰᠠᠬᠤ ᠣᠷᠣᠨ ᠤ ᠬᠠᠭᠤᠴᠢ | ᠰᠤᠳᠤᠯᠤᠯ ᠤᠨ ᠪᠠᠭᠤᠷᠢ ᠶᠢᠨ ᠲᠦᠷᠦᠭᠦᠴᠢ ᠶᠢᠨ ᠠᠷᠪᠠᠨ ᠴᠡᠴᠡᠷᠯᠢᠭ ᠤᠨ ᠨᠢᠭᠡ᠂ ᠨᠠᠢᠮᠠᠳᠤᠭᠠᠷ ᠪᠦᠯᠦᠭ ᠤᠨ ᠪᠦᠭᠦ ᠤᠯᠤᠰ ᠤᠨ ᠭᠤᠣᠯᠳᠠᠯᠭᠠᠲᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠤᠯᠤᠰ ᠤᠨ AAAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠃ | ᠦᠵᠡᠮᠵᠢ ᠶᠢᠨ ᠣᠷᠣᠨ᠄ ᠬᠠᠮᠪᠤ ᠶᠢᠨ ᠪᠠᠭᠤᠷᠢ ᠶᠢᠨ ᠮᠦᠽᠧᠢ᠂ ᠬᠠᠮᠪᠤ ᠶᠢᠨ ᠪᠠᠭᠤᠷᠢ ᠶᠢᠨ ᠬᠠᠮᠠᠭᠠᠯᠠᠯᠲᠠ ᠶᠢᠨ ᠦᠵᠡᠭᠦᠯᠭᠡ ᠶᠢᠨ ᠣᠷᠳᠣᠨ᠂ ᠲᠠᠬᠢᠮᠳᠠᠭᠤ | ᠠᠮᠤᠷᠯᠢᠩᠭᠤᠢ ᠭᠡᠭᠡᠨ ᠰᠦᠳᠤ ᠬᠤᠸᠠᠩᠬᠤ ᠶᠢᠨ ᠣᠷᠳᠣᠨ ᠤ ᠬᠦᠷᠢᠶᠡᠯᠡᠩ ᠤᠨ ᠰᠣᠶᠣᠯ ᠵᠢᠭᠤᠯᠴᠢᠯᠠᠯ ᠤᠨ ᠣᠷᠣᠨ᠂ ᠵᠢᠷᠦᠬᠡ ᠵᠢᠭᠤᠯᠴᠢᠯᠠᠯ ᠤᠨ ᠣᠷᠣᠨ᠂ ᠳᠠᠷᠬᠠᠨ | ᠴᠢᠨ ᠸᠠᠩ ᠤᠨ ᠣᠷᠳᠣᠨ᠃ | |