ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠠᠯᠪᠠᠲᠠᠨ ᠤ ᠬᠠᠤᠯᠢ ᠵᠢᠴᠢ ᠬᠤᠯᠪᠣᠭᠳᠠᠯ ᠪᠦᠬᠦᠢ ᠢᠵᠢ ᠪᠦᠷᠢᠨ ᠬᠠᠤᠯᠢ ᠲᠣᠭᠲᠠᠭᠠᠯ ᠢ ᠰᠤᠷᠤᠯᠴᠠᠨ ᠡᠵᠡᠮᠰᠢᠵᠦ᠂ ᠠᠯᠪᠠᠲᠠᠨ ᠤ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠭᠤᠯᠤᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠪᠠ ᠨᠠᠮ ᠤᠨ ᠭᠡᠰᠢᠭᠦᠨ ᠺᠠᠳ᠋ᠷᠴᠤᠳ ᠤᠨ | ᠴᠢᠳᠠᠪᠤᠷᠢ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ 5 ᠰᠠᠷ᠎ᠠ ᠶᠢᠨ 28 ᠤ ᠡᠳᠦᠷ᠂ ᠢᠮᠢᠨ ᠭᠤᠣᠯ ᠪᠠᠯᠭᠠᠰᠤᠨ ᠤ ᠬᠢᠨ ᠠᠯᠪᠠᠲᠠᠨ ᠤ ᠬᠠᠤᠯᠢ | ᠵᠢᠴᠢ ᠬᠠᠮᠢᠶ᠎ᠠ ᠪᠦᠬᠦᠢ ᠢᠵᠢ ᠪᠦᠷᠢᠨ ᠬᠠᠤᠯᠢ ᠲᠣᠭᠲᠠᠭᠠᠯ ᠢ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠂ ᠬᠤᠷᠠᠯ ᠢ ᠪᠠᠯᠭᠠᠰᠤᠨ ᠤ | ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ ᠴᠧᠨ ᠬᠤᠩ ᠨᠥᠬᠦᠷ ᠡᠷᠭᠢᠯᠡᠵᠦ᠂ ᠪᠥᠬᠦ ᠺᠠᠳ᠋ᠷ ᠠᠵᠢᠯᠲᠠᠨ ᠠᠵᠢᠯᠴᠢᠨ ᠰᠤᠷᠤᠯᠴᠠᠯᠭ᠎ᠠ ᠳᠤ | ᠣᠷᠣᠯᠴᠠᠪᠠ᠃ | | | | ᠬᠤᠷᠠᠯ ᠳᠡᠭᠡᠷ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ︽ᠠᠯᠪᠠᠲᠠᠨ ᠢ ᠬᠢᠨᠠᠨ ᠰᠢᠯᠭᠠᠬᠤ ᠲᠣᠭᠲᠠᠭᠠᠯ︾ ᠪᠠ | ︽ᠠᠯᠪᠠᠲᠠᠨ ᠤ ᠡᠩ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠪᠣᠯᠣᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠠᠯᠪᠠᠲᠠᠨ ᠤ ᠬᠠᠤᠯᠢ ᠵᠢᠴᠢ ᠢᠵᠢ ᠪᠦᠷᠢᠳᠦᠭᠰᠡᠨ ᠬᠠᠤᠯᠢ ᠲᠣᠭᠲᠠᠭᠠᠯ ᠢ ᠪᠥᠬᠦ ᠲᠠᠯ᠎ᠠ ᠪᠠᠷ᠂ ᠣᠨᠣᠪᠴᠢᠲᠠᠶ ᠲᠤᠤᠱᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠪᠥᠬᠦ ᠺᠠᠳ᠋ᠷ ᠠᠵᠢᠯᠲᠠᠨ ᠠᠵᠢᠯᠴᠢᠨ ᠠᠯᠪᠠᠲᠠᠨ ᠤ ᠬᠠᠤᠯᠢ ᠶᠢ ᠤᠬᠠᠮᠰᠠᠷ ᠠᠴᠠ ᠪᠠᠨ ᠵᠢᠷᠤᠮᠯᠠᠨ ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ᠂ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠷᠢᠯᠲᠠ ᠶᠢᠨ ᠤᠬᠠᠮᠰᠠᠷ᠂ ᠠᠯᠪᠠᠨ ᠵᠠᠷᠤᠴᠠ ᠶᠢᠨ | ᠤᠬᠠᠮᠰᠠᠷ᠂ ᠦᠢᠯᠡᠴᠢᠯᠡᠭᠡᠨ ᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠤᠯᠢ ᠪᠠᠷ ᠵᠠᠰᠠᠬᠤ ᠰᠡᠳᠭᠢᠮᠵᠢ ᠪᠠ ᠬᠠᠤᠯᠢ ᠪᠠᠷ ᠵᠠᠰᠠᠬᠤ ᠠᠷᠭ᠎ᠠ ᠶᠢ ᠬᠡᠷᠡᠭᠯᠡᠨ | ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ |