ᠤᠯᠠᠷᠢᠯ ᠤᠨ ᠡᠭᠡᠯᠵᠢ ᠪᠠᠷ ᠶᠤᠸᠠᠨ ᠤ ᠳᠡᠭᠡᠲᠦ ᠨᠡᠶᠢᠰᠯᠡᠯ ᠳᠤ ᠵᠤᠨ ᠰᠠᠭᠠᠲᠠᠨ ᠠᠯᠲᠠᠩᠬᠸ᠎ᠠ ᠴᠡᠴᠡᠭ ᠰᠢᠷ᠎ᠠ ᠲᠠᠯ᠎ᠠ ᠶᠢᠨ ᠢᠶᠠᠨ ᠥᠷᠦᠴᠡᠨ ᠳᠤ ᠲᠤᠬᠢᠯᠵᠠᠨ | ᠮᠦᠰᠢᠶᠡᠨ᠎ᠡ᠃ ᠠᠯᠲᠠᠩᠬᠸ᠎ᠠ ᠴᠡᠴᠡᠭ ᠨᠢ ᠰᠢᠯᠤᠭᠤᠨ ᠬᠦᠭᠡ ᠬᠤᠰᠢᠭᠤᠨ ᠤ ᠬᠤᠰᠢᠭᠤ ᠴᠡᠴᠡᠭ ᠪᠤᠯᠳᠠᠭ ᠤᠨ ᠵᠡᠷᠭᠡ ᠪᠠᠷ ᠭᠤᠸ᠎ᠠ ᠭᠡᠭᠡᠨᠴᠢᠷ ᠰᠠᠶᠢᠬᠠᠨ | ᠲᠦᠷᠬᠦ ᠪᠠᠷ ᠢᠶᠠᠨ ᠭᠠᠳᠠᠭᠠᠲᠤ ᠲᠤᠳᠤᠭᠠᠲᠤ ᠶᠢᠨ ᠬᠦᠮᠦᠰ ᠤᠨ ᠪᠠᠭ᠋ᠠᠷᠬᠠᠯ ᠢ ᠶᠠᠬᠡᠳᠡ ᠲᠠᠲᠠᠳᠠᠭ᠃ | ᠠᠯᠲᠠᠩᠬᠸ᠎ᠠ ᠴᠡᠴᠡᠭ ᠨᠢ ᠬᠤᠪᠤᠷ ᠴᠤᠬᠠᠭ ᠡᠮᠲᠤ ᠣᠷᠭᠤᠮᠠᠯ ᠮᠦᠷᠲᠡᠭᠡᠨ ᠰᠤᠨᠢᠷᠬᠠᠮᠵᠢ ᠰᠠᠶᠢᠬᠠᠨ ᠪᠠᠶᠢᠵᠦ ᠲᠤᠯᠤᠭᠠᠨ ᠰᠠᠷ᠎ᠠ ᠶᠢᠨ ᠲᠤᠮᠳᠠᠴᠢ ᠠᠴᠠ ᠨᠠᠢᠮᠠᠨ | ᠰᠠᠷ᠎ᠠ ᠶᠢᠨ ᠡᠬᠢᠨ ᠬᠦᠷᠲᠡᠯ᠎ᠡ ᠪᠠᠳᠮᠠᠯᠠᠨ ᠳᠡᠯᠭᠡᠷᠡᠵᠦ᠂ ᠬᠤᠯᠠ ᠤᠶᠢᠷ᠎ᠠ ᠶᠢᠨ ᠵᠤᠴᠢᠳ ᠤᠨ ᠬᠠᠷᠠᠭ᠎ᠠ ᠶᠢ ᠪᠤᠯᠢᠶᠠᠳᠠᠭ ᠶᠤᠮ᠃ ᠵᠠᠭᠤᠨ ᠵᠠᠭᠤᠨ ᠢ ᠲᠡᠤᠬᠡ ᠪᠠᠷ | ᠲᠤᠭᠤᠯᠵᠤ ᠦᠵᠡᠰᠬᠦᠯᠡᠩᠲᠦ ᠰᠢᠷ᠎ᠠ ᠲᠠᠯ᠎ᠠ ᠶᠢ ᠥᠩᠭᠡ ᠪᠠᠷ ᠢᠶᠠᠨ ᠢᠴᠡᠭᠡᠵᠦ ᠳᠡᠯᠭᠡᠷᠡᠳᠡᠭ ᠠᠯᠲᠠᠩᠬᠸ᠎ᠠ ᠨᠢ ᠵᠢᠯ ᠵᠢᠯ ᠤᠨ ᠪᠤᠯᠵᠤᠭ᠎ᠠ ᠶᠤᠰᠤᠭᠠᠷ ᠢᠶᠠᠨ ᠰᠢᠷ᠎ᠠ | ᠲᠠᠯ᠎ᠠ ᠶᠢ ᠵᠤᠯᠠ ᠶᠢᠨ ᠪᠠᠳᠮ᠎ᠠ ᠠᠳᠠᠯᠢ ᠪᠠᠷ ᠬᠡᠷᠡᠯᠳᠦᠬᠦᠯᠦᠨ ᠰᠠᠭᠠᠲᠠᠲᠠᠭ ᠨᠢ ᠵᠢᠮ᠎ᠡ ᠪᠤᠯᠤᠭᠰᠠᠨ ᠶᠣᠮ᠃ ᠶᠤᠸᠠᠨ ᠤ ᠳᠡᠭᠡᠲᠦ ᠨᠡᠶᠢᠰᠯᠡᠯ ᠤᠨ ᠵᠤᠭᠠᠴᠠᠭᠰᠠᠳ ᠢ | ᠬᠦᠯᠢᠶᠡᠨ ᠠᠪᠬᠤ ᠲᠥᠪ ᠤᠨ ᠡᠷᠬᠢᠯᠡᠭᠴᠢ ᠾᠧᠦ ᡁᠢ ᠪᠧᠢ ᠶᠢᠨ ᠲᠠᠨᠢᠯᠴᠠᠭᠤᠯᠠᠭᠰᠠᠨ ᠢᠶᠠᠷ᠄ ︽ᠬᠢᠵᠢᠭ ᠤᠨ ᠪᠠᠶᠢᠳᠠᠯ ᠢ ᠴᠢᠩᠭ᠎ᠠ ᠡᠵᠡᠮᠳᠡᠨ ᠰᠡᠷᠭᠡᠶᠢᠯᠡᠭᠰᠡᠨ ᠪᠠᠶᠢᠳᠠᠯ | ᠲᠤᠤᠷ᠎ᠠ ᠪᠦᠬᠦ ᠤᠯᠤᠰ ᠤᠨ ᠡᠯ᠎ᠡ ᠭᠠᠵᠠᠷ ᠤᠨ ᠠᠯᠲᠠᠩᠬᠸ᠎ᠠ ᠴᠡᠴᠡᠭ ᠰᠤᠨᠢᠷᠬᠠᠬᠤ ᠵᠤᠭᠠᠴᠠᠭᠰᠠᠳ ᠢ ᠤᠭᠲᠤᠨ ᠠᠪᠴᠢᠷᠠᠭᠰᠠᠨ ᠪᠠᠶᠢᠨ᠎ᠠ᠃ | ᠠᠳᠡᠬᠢ ᠵᠢᠯ ᠪᠦᠷᠢ ᠶᠢᠨ ᠵᠤᠭᠠᠴᠠᠭᠰᠠᠳ ᠤᠨ ᠤᠯᠠᠩᠬᠢ ᠨᠢ ᠪᠡᠭᠡᠵᠢᠩ᠂ ᠲᠢᠶᠠᠨᠵᠢᠨ᠂ ᠾᠧᠪᠸᠢ ᠶᠢᠨ ᠪᠠᠶᠢᠳᠠᠭ᠂ ᠭᠡᠳᠡᠯ᠎ᠡ ᠡᠨᠡ ᠵᠢᠯ ᠬᠢᠵᠢᠭ ᠤᠨ ᠨᠥᠯᠦᠭᠡ ᠶᠢ | ᠬᠦᠷᠲᠡᠵᠦ ᠡᠳᠡᠭᠡᠷ ᠭᠠᠵᠠᠷ ᠤᠨ ᠵᠤᠭᠠᠴᠠᠭᠰᠠᠳ ᠴᠦᠬᠡᠨ ᠪᠠᠶᠢᠨ᠎ᠠ᠃ ᠡᠨᠡᠬᠦ ᠪᠠᠶᠢᠳᠠᠯ ᠳᠤ ᠵᠤᠬᠢᠴᠠᠭᠤᠯᠤᠨ ᠪᠢᠳᠡᠨ ᠾᠧᠪᠸᠢ ᠶᠢᠨ ᠪᠡᠶ᠎ᠡ ᠶᠢᠨ ᠦᠨᠡᠮᠯᠡᠯ ᠲᠠᠢ | ᠵᠤᠭᠠᠴᠠᠭᠰᠠᠳ ᠲᠤ ᠬᠠᠭᠠᠰ ᠪᠢᠯᠧᠲ ᠶᠢᠨ ᠬᠠᠷᠠᠭᠠᠯᠵᠠᠯ ᠬᠦᠷᠲᠡᠭᠡᠬᠦ᠂ ᠪᠡᠶ᠎ᠡ ᠶᠢᠨ ᠲᠤᠯᠠᠭᠠᠨ ᠢ ᠬᠡᠮᠵᠢᠨ ᠪᠠᠶᠢᠴᠠᠭᠠᠬᠤ᠂ ᠵᠢᠩᠬᠢᠨᠢ ᠨᠡᠷ᠎ᠡ ᠪᠠᠷ ᠪᠢᠯᠧᠲ ᠠᠪᠬᠤ ᠵᠡᠷᠭᠡ | ᠵᠤᠬᠢᠬᠤ ᠠᠷᠭ᠎ᠠ ᠬᠡᠮᠵᠢᠶ᠎ᠡ ᠠᠪᠴᠠᠢ᠂ ᠮᠥᠨ ᠴᠤ ᠡᠳᠦᠷ ᠲᠤᠳᠤᠮ ᠤᠨ ᠠᠵᠢᠯ ᠲᠤᠮᠳᠠ ᠪᠠᠨ ᠪᠢᠯᠧᠲ ᠬᠤᠳᠠᠯᠳᠤᠬᠤ ᠭᠠᠵᠠᠷ ᠲᠤ ᠰᠠᠯᠬᠢ ᠨᠡᠪᠳᠡᠷᠡᠬᠦ ᠶᠢ ᠠᠩᠬᠠᠷᠤᠨ | ᠴᠢᠬᠤᠯᠠᠴᠢᠯᠠᠵᠣ᠂ ᠰᠠᠶᠢᠳᠤᠷ ᠠᠷᠢᠭᠤᠳᠬᠠᠯ ᠬᠢᠳᠡᠭ︾ ᠭᠡᠯᠡ᠃ | ᠵᠤᠭᠠᠴᠠᠭᠰᠠᠳ ᠴᠤ ᠠᠯᠲᠠᠩᠬᠸ᠎ᠠ ᠴᠡᠴᠡᠭ ᠤᠨ ᠡᠷᠬᠢᠮᠰᠦᠭ ᠭᠤᠶᠤ ᠶᠢ ᠪᠠᠭ᠋ᠠᠳᠤᠨ ᠰᠤᠨᠢᠷᠬᠠᠨ ᠪᠠᠶᠠᠷ ᠤᠨ ᠮᠦᠰᠢᠶᠡᠲᠦ ᠨᠢᠭᠤᠷ ᠲᠦᠬᠦᠷᠡᠩ ᠪᠠᠶᠢᠯ᠎ᠠ᠃ ᠬᠠᠭᠠᠨ | ᠲᠠᠯ᠎ᠠ ᠶᠢᠨ ᠡᠯᠢᠭᠡᠨ ᠳᠤ ᠬᠠᠲᠤᠨ ᠴᠡᠴᠡᠭ ᠠᠯᠲᠠᠩᠬᠸ᠎ᠠ ᠲᠤᠷᠭᠠᠨ ᠳᠡᠯᠪᠢ ᠪᠠᠨ ᠳᠡᠯᠭᠡᠨ ᠮᠦᠰᠢᠶᠡᠨ᠎ᠡ᠃ | | | | | | | | | | | | | | | | | |