ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠢ ᠶᠢᠨ ᠠᠵᠢᠯ ᠤᠨ ᠬᠠᠮᠢᠶᠠᠷᠤᠯᠲᠠ ᠶᠢᠨ ᠶᠡᠷᠦᠩᠬᠡᠢ ᠥᠷᠲᠡᠭᠡ ᠶᠢᠨ ᠳᠡᠳ᠋ ᠥᠷᠲᠡᠭᠡᠨ ᠤ ᠳᠠᠷᠤᠭ᠎ᠠ ᠴᠧᠨ ᠲᠦᠩ ᠨᠠᠷ ᠮᠠᠨ ᠤ ᠬᠤᠰᠢᠭᠤᠨ ᠳᠤ ᠬᠦᠷᠴᠦ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/25
       ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠠᠵᠢᠯ ᠤᠨ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠲᠥᠯᠥᠭᠡ ᠨᠤᠲᠤᠭ ᠪᠡᠯᠴᠢᠭᠡᠷ ᠤᠨ ᠳᠠᠭᠠᠳᠬᠠᠯ ᠤᠨ ᠠᠵᠢᠯ ᠤᠨ ᠲᠤᠷᠰᠢᠯᠭ᠎ᠠ ᠪᠠ ᠪᠦᠲᠦᠮᠵᠢᠲᠡᠶ ᠠᠷᠭ᠎ᠠ ᠬᠡᠮᠵᠢᠶ᠎ᠡ ᠶᠢ ᠳ᠋ᠦᠩᠨᠡᠵᠦ᠂ ᠨᠤᠲᠤᠭ ᠪᠡᠯᠴᠢᠭᠡᠷ ᠤᠨ ᠳᠠᠭᠠᠳᠬᠠᠯ ᠤᠨ ᠡᠳ᠋ ᠤᠨ ᠵᠠᠰᠠᠭ ᠤᠨ ᠳᠡᠮᠵᠢᠬᠦ ᠠᠷᠭ᠎ᠠ ᠵᠠᠮ ᠢ ᠰᠦᠪᠡᠭᠴᠢᠯᠡᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠡᠪᠡᠰᠦᠨ ᠤ ᠠᠵᠤ ᠦᠢᠯᠡᠰ ᠤᠨ ᠬᠥᠭᠵᠢᠯᠲᠡ ᠳᠤ ᠲᠣᠰᠠ ᠳᠡᠮᠨᠡᠵᠦ᠂ 2024 ᠣᠨ ᠤ 6 ᠰᠠᠷ᠎ᠠ ᠶᠢᠨ 20 ᠤ ᠡᠳᠦᠷ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠢ ᠶᠢᠨ ᠠᠵᠢᠯ ᠤᠨ ᠬᠠᠮᠢᠶᠠᠷᠤᠯᠲᠠ ᠶᠢᠨ ᠶᠡᠷᠦᠩᠬᠡᠢ ᠥᠷᠲᠡᠭᠡ ᠶᠢᠨ ᠳᠡᠳ᠋ ᠥᠷᠲᠡᠭᠡᠨ ᠤ ᠳᠠᠷᠤᠭ᠎ᠠ ᠴᠧᠨ ᠲᠦᠩ ᠨᠠᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠬᠦᠷᠴᠦ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  ᠰᠣ᠋ ᠰᠢ ᠹᠦ᠋᠂ ᠬᠥᠯᠥᠨ ᠪᠤᠶᠢᠷ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠭᠤᠸᠠᠨ ᠭᠠᠩ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠹᠦ᠋ ᠴᠢᠩ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠢ ᠰᠤᠮᠤᠨ ᠤ ᠰᠢᠭᠤᠶᠢᠲᠣ ᠭᠠᠴᠠᠭ᠎ᠠ᠂ ᠭᠠᠯᠠᠭᠤᠳᠣ ᠭᠠᠴᠠᠭ᠎ᠠ ᠳᠤ ᠭᠦᠨᠵᠡᠭᠡᠶᠢᠷᠡᠨ ᠡᠷᠦᠬᠡ ᠪᠠᠷ ᠪᠠᠶᠢᠴᠠᠭᠠᠨ ᠰᠤᠳᠤᠯᠤᠯᠲᠠ ᠬᠢᠵᠦ᠂ ᠭᠤᠣᠯᠳᠠᠭᠤ ᠨᠤᠲᠤᠭ ᠪᠡᠯᠴᠢᠭᠡᠷ ᠤᠨ ᠳᠠᠭᠠᠳᠬᠠᠯ ᠤᠨ ᠠᠵᠢᠯᠯᠠᠭᠠᠨ ᠤ ᠪᠠᠶᠢᠳᠠᠯ ᠵᠢᠴᠢ ᠮᠠᠯᠵᠢᠬᠤ ᠡᠷᠦᠬᠡ ᠶᠢᠨ ᠬᠠᠩᠭᠠᠯᠤᠭᠤᠨ ᠬᠡᠮᠵᠢᠶ᠎ᠡ ᠵᠡᠷᠭᠡ ᠠᠵᠢᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠴᠢᠭ᠋ ᠤᠨ ᠠᠵᠢᠯ ᠢ ᠪᠠᠶᠢᠴᠠᠭᠠᠨ ᠰᠤᠳᠤᠯᠵᠤ  ᠶᠠᠷᠢᠯᠴᠠᠭ᠎ᠠ ᠦᠷᠨᠢᠭᠦᠯᠪᠡ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠹᠦ᠋ ᠴᠢᠩ ᠠᠴᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ᠂ ᠨᠤᠲᠤᠭ ᠪᠡᠯᠴᠢᠭᠡᠷ ᠤᠨ ᠳᠠᠭᠠᠳᠬᠠᠯ ᠤᠨ ᠠᠵᠢᠯᠯᠠᠭᠠᠨ ᠤ ᠪᠠᠶᠢᠳᠠᠯ᠂ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢ ᠠᠬᠢᠭᠤᠯᠬᠤ ᠶᠠᠪᠤᠴᠠ ᠳᠤ ᠲᠣᠬᠢᠶᠠᠯᠳᠤᠭᠰᠠᠨ ᠵᠥᠷᠢᠴᠡᠯ ᠪᠠ ᠬᠦᠴᠢᠷᠳᠡᠯ ᠵᠡᠷᠭᠡ ᠠᠵᠢᠯ ᠢ ᠨᠠᠷᠢᠨ ᠨᠢᠭᠲᠠ ᠬᠠᠷᠢᠭᠤ ᠮᠡᠳᠡᠭᠦᠯᠵᠡᠢ᠃       ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠪᠠ ᠬᠠᠷᠢᠭᠤ ᠮᠡᠳᠡᠭᠦᠯᠦᠯᠲᠡ ᠶᠢ ᠰᠣᠨᠣᠰᠬᠤ ᠪᠠᠷ ᠳᠡᠮᠵᠢᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠴᠢᠭ᠋ ᠤᠨ ᠠᠵᠢᠯ ᠢ ᠭᠠᠷᠴᠠᠭ᠎ᠠ ᠦᠭᠡᠢ ᠮᠡᠳᠡᠷᠡᠵᠦ᠂ ᠳᠤᠷᠠᠳᠤᠭᠰᠠᠨ ᠰᠠᠨᠠᠭᠤᠯᠭ᠎ᠠ ᠶᠢ ᠵᠥᠪᠰᠢᠶᠡᠷᠡᠵᠦ ᠪᠠᠶᠢᠬᠤ ᠪᠠᠨ ᠢᠯᠡᠳᠬᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠴᠢᠭ᠋ ᠤᠨ ᠮᠠᠰᠢ ᠣᠯᠠᠨ ᠠᠵᠢᠯ ᠢ ᠲᠡᠭ ᠠᠴᠠ ᠡᠬᠢᠯᠡᠨ ᠬᠢᠬᠦ ᠬᠡᠷᠡᠭᠲᠡᠢ᠂ ᠠᠵᠢᠯ ᠤᠨ ᠳᠤᠮᠳᠠ ᠬᠦᠴᠢᠷᠳᠡᠯ ᠪᠠ ᠵᠥᠷᠢᠴᠡᠯ ᠪᠠᠶᠢᠩᠭᠤ ᠣᠷᠣᠰᠢᠳᠠᠭ᠂ ᠲᠤᠷᠰᠢᠯᠲᠠ ᠶᠢᠨ ᠠᠵᠢᠯ ᠪᠣᠯ ᠳᠠᠷᠤᠢ ᠵᠥᠷᠢᠴᠡᠯ ᠢ ᠢᠯᠡᠷᠡᠭᠦᠯᠦᠨ ᠰᠢᠢᠳᠪᠦᠷᠢᠯᠡᠬᠦ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ ᠡᠨᠡ ᠲᠠᠯ᠎ᠠ ᠪᠠᠷ ᠬᠤᠷᠠᠮᠳᠤᠭᠤᠯᠤᠭᠰᠠᠨ ᠲᠤᠷᠰᠢᠯᠭ᠎ᠠ ᠪᠣᠯ ᠮᠠᠰᠢ ᠡᠷᠬᠢᠮ ᠨᠠᠨᠳᠢᠨ ᠶᠤᠮ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠴᠢᠭ᠋ ᠤᠨ ᠠᠵᠢᠯ ᠢ ᠰᠦᠪᠡᠭᠴᠢᠯᠡᠨ ᠥᠷᠨᠢᠭᠦᠯᠬᠦ ᠨᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ ᠠᠰᠢᠭᠲᠠᠢ᠃       ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠨᠤᠲᠤᠭ ᠪᠡᠯᠴᠢᠭᠡᠷ ᠤᠨ ᠳᠠᠭᠠᠳᠬᠠᠯ ᠤᠨ ᠠᠵᠢᠯ ᠢ ᠪᠥᠬᠦ ᠲᠠᠯ᠎ᠠ ᠪᠠᠷ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ᠂ ᠴᠡᠭ  ᠤᠨ ᠲᠣᠷᠰᠢᠯᠭ᠎ᠠ ᠶᠢ ᠨᠡᠶᠢᠳᠡᠮ ᠳᠤ ᠳᠡᠯᠭᠡᠷᠡᠭᠦᠯᠬᠦ᠂ ᠲᠤᠷᠰᠢᠯᠭ᠎ᠠ ᠪᠠᠨ ᠳ᠋ᠦᠩᠨᠡᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠮᠢ ᠠᠬᠤᠢ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
20240625-1-1.jpg
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ