ᠪᠠᠶᠠᠨᠲᠤᠬᠠᠢ ᠪᠠᠯᠭᠠᠰᠤᠨ ᠤ ᠰᠢᠨ ᠰᠢᠨ ᠨᠡᠶᠢᠭᠡᠮ ᠲᠣᠭᠤᠷᠢᠭ ᠤᠨ ᠬᠢᠨ ᠵᠡᠮᠳᠡᠭᠴᠦᠳ ᠲᠤ ᠬᠦᠷᠳᠦᠲᠦ ᠰᠠᠨᠳᠠᠯᠢ ᠬᠦᠷᠭᠡᠵᠦ ᠬᠠᠯᠠᠮᠵᠢᠯᠠᠨ᠂ ᠠᠷᠠᠳ ᠲᠤ ᠪᠣᠳᠠᠲᠠᠢ ᠶᠠᠪᠤᠳᠠᠯ ᠬᠢᠪᠡ
ᠨᠡᠶᠢᠲᠡᠯᠡᠭᠰᠡᠨ ᠴᠠᠭ᠄
2024/7/10
       ᠳᠤᠮᠳᠠᠳᠤ ᠶᠢᠨ ᠦᠨᠳᠦᠰᠦᠲᠡᠨ ᠤ ᠵᠡᠮᠳᠡᠭ ᠪᠠᠭᠤᠷᠠᠢ ᠶᠢ ᠲᠡᠳᠭᠦᠬᠦ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠪᠡᠶ᠎ᠡ ᠵᠡᠮᠳᠡᠭ ᠰᠠᠭᠤᠭᠠᠯᠢ ᠠᠷᠠᠳ ᠲᠤ ᠦᠨᠡᠨ ᠬᠦ ᠬᠠᠪᠰᠤᠷᠤᠯᠭ᠎ᠠ ᠦᠵᠡᠭᠦᠯᠬᠦ ᠶᠢᠨ ᠲᠥᠯᠥᠭᠡ᠂ 7 ᠰᠠᠷ᠎ᠠ ᠶᠢᠨ 5 ᠤ ᠡᠳᠦᠷ᠂ ᠪᠠᠶᠠᠨᠲᠤᠬᠠᠢ ᠪᠠᠯᠭᠠᠰᠤᠨ ᠤ ᠰᠢᠨ ᠰᠢᠨ ᠨᠡᠶᠢᠭᠡᠮ ᠲᠣᠭᠤᠷᠢᠭ ᠤᠨ ᠬᠠᠷᠢᠶᠠᠨ ᠤ ᠾᠦᠢ ᠫᠦ᠋ ᠬᠤᠷᠢᠶᠠᠯᠠᠯ ᠤᠨ ᠨᠢᠭᠡᠨ ᠵᠡᠮᠳᠡᠭ  ᠢᠷᠭᠡᠨ ᠳᠤ ᠬᠠᠶᠢᠷ᠎ᠠ ᠬᠠᠯᠠᠮᠵᠢ ᠶᠢᠨ ᠬᠦᠷᠳᠦᠲᠦ ᠰᠠᠨᠳᠠᠯᠢ ᠬᠦᠷᠭᠡᠪᠡ᠃       ᠨᠡᠶᠢᠭᠡᠮ ᠲᠣᠭᠤᠷᠢᠭ ᠤᠨ ᠬᠠᠷᠢᠭᠤᠴᠠᠯᠭᠠᠳᠣ ᠠᠵᠢᠯᠲᠠᠨ ᠡᠷᠦᠬᠡ ᠪᠠᠷ ᠶᠠᠪᠤᠵᠤ ᠠᠵᠢᠯᠯᠠᠬᠤ ᠶᠠᠪᠤᠴᠠ ᠳᠠᠭᠠᠨ ᠣᠶᠢᠯᠠᠭᠠᠭᠰᠠᠨ ᠢᠶᠠᠷ᠂ ᠰᠢᠨ ᠰᠢᠨ ᠨᠡᠶᠢᠭᠡᠮ ᠲᠣᠭᠤᠷᠢᠭ ᠤᠨ ᠬᠠᠷᠢᠶᠠᠨ ᠳᠠᠬᠢ ᠾᠦᠢ ᠫᠦ᠋  ᠬᠤᠷᠢᠶᠠᠯᠠᠯ ᠳᠠᠬᠢ ᠲᠥᠷᠥᠯᠬᠢ ᠶᠢᠨ ᠳᠦᠯᠡᠢ ᠶᠠᠪᠠ ᠡᠪᠡᠳᠴᠢᠨ ᠲᠠᠢ ᠵᠡᠮᠳᠡᠭ ᠢᠷᠭᠡᠨ᠂ ᠣᠶᠢᠷ᠎ᠠ ᠳᠤ ᠬᠢᠴᠢᠶᠡᠮᠵᠢ ᠦᠭᠡᠢ ᠠᠴᠠ ᠪᠣᠯᠵᠤ ᠣᠶᠢᠴᠢᠵᠤ ᠬᠤᠶᠠᠷ ᠬᠥᠯ  ᠢᠶᠠᠨ ᠭᠡᠮᠲᠦᠭᠡᠵᠦ ᠠᠯᠬᠤᠵᠤ ᠳᠡᠶᠢᠯᠬᠦ ᠦᠭᠡᠢ  ᠬᠡᠮᠵᠢᠶᠡᠨ ᠳᠤ ᠬᠦᠷᠦᠭᠰᠡᠨ ᠢ ᠮᠡᠳᠡᠪᠡ᠂ ᠨᠢᠭᠡ ᠬᠦᠷᠳᠦᠲᠦ ᠰᠠᠨᠳᠠᠯᠢ ᠪᠠᠴᠢᠮ ᠱᠠᠭᠠᠷᠳᠠᠭᠳᠠᠵᠤ ᠪᠠᠶᠢᠬᠤ ᠪᠣᠯᠬᠤᠷ ᠰᠢᠨ ᠰᠢᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠡᠷᠡ ᠳᠠᠷᠤᠢ ᠳᠤᠨᠢ ᠪᠠᠶᠢᠳᠠᠯ ᠢ ᠨᠠᠷᠢᠨ ᠬᠠᠷᠭᠤᠭᠤᠯᠵᠤ᠂ ᠲᠤᠬᠠᠢ ᠶᠢᠨ ᠡᠳᠦᠷ ᠲᠤᠨᠢ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠲᠠᠢ ᠬᠠᠷᠢᠴᠠᠨ᠂ ᠬᠦᠷᠳᠦᠲᠦ ᠰᠠᠨᠳᠠᠯᠢ ᠶᠢ  ᠭᠤᠶᠠᠴᠢᠯᠠᠨ ᠣᠯᠵᠣ  ᠲᠣᠰ  ᠰᠠᠭᠤᠭᠠᠯᠢ ᠢᠷᠭᠡᠨ ᠤ ᠭᠡᠷ ᠲᠤ ᠬᠦᠷᠭᠡᠪᠡ᠃       ᠳᠠᠷᠠᠭᠠᠴᠢ ᠶᠢᠨ ᠠᠯᠬᠤᠮ ᠳᠤ᠂ ᠰᠢᠨ ᠰᠢᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠢᠶᠠᠨ ᠵᠡᠮᠳᠡᠭᠴᠦᠳ ᠢ ᠬᠠᠷᠠᠵᠤ ᠬᠠᠯᠠᠮᠵᠢᠯᠠᠬᠤ ᠪᠠᠨ ᠦᠷᠭᠦᠯᠵᠢᠯᠡᠨ ᠴᠢᠩᠭᠠᠳᠬᠠᠵᠤ᠂ ᠵᠡᠮᠳᠡᠭᠴᠦᠳ ᠤᠨ ᠬᠡᠷᠡᠭᠴᠡᠭᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠵᠤ᠂ ᠪᠣᠳᠠᠲᠠᠢ ᠠᠵᠢᠯᠯᠠᠭ᠎ᠠ ᠪᠠᠷ ᠵᠡᠮᠳᠡᠭ ᠪᠠᠭᠤᠷᠠᠢ ᠤᠯᠠᠨ ᠲᠦᠮᠡᠨ ᠢ ᠬᠠᠯᠠᠮᠵᠢᠯᠠᠵᠤ᠂ ᠠᠮᠢᠳᠤᠷᠠᠯ ᠤᠨ ᠳᠤᠮᠳᠠᠬᠢ ᠬᠦᠴᠢᠷᠳᠡᠯ ᠲᠦᠪᠡᠭᠳᠡᠯ ᠢ ᠨᠢ ᠰᠠᠶᠢᠲᠤᠷ ᠰᠢᠢᠳᠪᠦᠷᠢᠯᠡᠵᠦ᠂ ᠵᠡᠮᠳᠡᠭ ᠪᠠᠭᠤᠷᠠᠢ ᠣᠨᠴᠠᠭᠠᠢ ᠬᠦᠮᠦᠰ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ  ᠠᠯᠢ ᠴᠢᠳᠠᠬᠤ ᠪᠠᠷ ᠬᠦᠷᠲᠡᠭᠡᠬᠦ ᠪᠠᠷ ᠴᠢᠷᠮᠠᠶᠢᠨ᠎ᠠ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ