ᠠᠵᠢᠯ ᠣᠯᠭᠤᠯᠲᠠ ᠪᠠᠷ ᠲᠡᠳᠭᠦᠬᠦ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ | ᠣᠶᠢᠷ᠎ᠠ ᠳᠤ᠂ ᠬᠤᠶ ᠰᠤᠮᠤ ᠶᠢᠨ ᠨᠠᠮ ᠤᠨ ᠬᠤᠷᠢᠶᠠᠨ ᠤ ᠱᠦᠵᠢ ᠡᠷᠳᠡᠨᠢ ᠣᠩᠭᠤᠨᠲᠣᠬᠤᠢ ᠭᠠᠴᠠᠭ᠎ᠠ ᠶᠢᠨ ᠠᠵᠢᠯ ᠣᠯᠭᠤᠯᠲᠠ ᠪᠠᠷ ᠲᠡᠳᠭᠦᠬᠦ ᠭᠤᠣᠯᠳᠠᠯᠭ᠎ᠠ ᠲᠠᠢ | ᠲᠥᠷᠥᠯ ᠵᠦᠢᠯ ᠤᠨ ᠨᠢᠭᠡᠳᠦᠭᠡᠷ ᠹᠷᠣᠨᠲ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠤᠳᠤᠯᠪᠠ᠃ | ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠡᠷᠳᠡᠨᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠵᠣᠬᠢᠶᠠᠨ ᠪᠠᠶᠢᠭᠤᠯᠵᠤ | ᠬᠡᠷᠡᠭᠵᠢᠭᠦᠯᠦᠭᠰᠡᠨ᠂ ᠠᠶᠤᠯᠭᠦᠢ ᠦᠢᠯᠡᠳᠪᠦᠷᠢᠯᠡᠯ᠂ ᠪᠠᠷᠢᠯᠭ᠎ᠠ ᠶᠢᠨ ᠠᠬᠢᠴᠠ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠠᠷᠢᠯᠭ᠎ᠠ ᠶᠢᠨ | ᠠᠵᠢᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠯᠠᠪᠯᠠᠪᠠ᠃ ᠲᠡᠷᠡ᠂ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ | ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠲᠦᠷᠦᠯ ᠵᠦᠢᠯ ᠤᠨ ᠪᠠᠷᠢᠯᠭ᠎ᠠ ᠳᠠᠭᠤᠰᠬᠠᠬᠤ ᠴᠠᠭ ᠪᠣᠯᠣᠨ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠴᠢᠩᠭᠠᠳᠬᠠᠨ᠂ | ᠤᠯᠠᠨ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠢ ᠭᠡᠪᠡ᠃ | ᠡᠷᠳᠡᠨᠢ᠂ ᠲᠥᠷᠥᠯ ᠵᠦᠢᠯ ᠤᠨ ᠪᠠᠶᠢᠭᠤᠯᠤᠯᠲᠠ ᠳᠤ ᠣᠷᠣᠯᠴᠠᠭᠰᠠᠨ ᠮᠠᠯᠴᠢᠳ ᠤᠨ ᠠᠵᠢᠯ ᠬᠦᠯᠦᠰᠦ ᠪᠠ ᠬᠤᠨᠤᠭ ᠬᠤᠭᠤᠯᠠ ᠶᠢᠨ ᠪᠠᠶᠢᠳᠠᠯ ᠢ ᠣᠶᠢᠯᠠᠭᠠᠪᠠ᠃ | ᠲᠡᠷᠡ ᠬᠤᠯᠪᠣᠭᠳᠠᠯ ᠪᠦᠬᠦᠢ ᠲᠥᠷᠥᠯ ᠵᠦᠢᠯ ᠤᠨ ᠬᠠᠷᠢᠭᠤᠴᠠᠯᠭᠠᠲᠠᠨ ᠳᠤ᠂ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠥᠳᠡᠯᠮᠦᠷᠢ | ᠦᠢᠯᠡᠴᠢᠯᠡᠭᠡᠨ ᠤ ᠬᠥᠯᠥᠰᠦ ᠣᠯᠭᠤᠮᠵᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠴᠦ᠂ ᠮᠠᠯᠴᠢᠳ ᠲᠥᠷᠥᠯ ᠵᠦᠢᠯ ᠤᠨ ᠪᠠᠶᠢᠭᠤᠯᠤᠯᠲᠠ ᠳᠤ ᠣᠷᠣᠯᠴᠠᠨ | ᠣᠷᠣᠯᠭ᠎ᠠ ᠪᠠᠨ ᠨᠡᠮᠡᠭᠳᠡᠭᠦᠯᠬᠦ ᠲᠠᠯ᠎ᠠ ᠪᠠᠷ ᠬᠠᠯᠠᠮᠵᠢᠯᠠᠨ ᠶᠠᠷᠢᠯᠴᠠᠪᠠ᠃ | ᠡᠷᠳᠡᠨᠢ ᠴᠢᠬᠤᠯᠠᠴᠢᠯᠠᠬᠤ ᠳᠠᠭᠠᠨ᠂ ᠠᠵᠢᠯ ᠣᠯᠭᠤᠯᠲᠠ ᠪᠠᠷ ᠲᠡᠳᠭᠦᠬᠦ ᠲᠥᠷᠥᠯ ᠵᠦᠢᠯ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠵᠢᠷᠠᠭ᠎ᠠ ᠶᠢᠨ | ᠢᠨᠵᠧᠨᠧᠷᠢᠩ ᠮᠥᠨ᠂ ᠰᠠᠭᠤᠭᠠᠯᠢ ᠠᠷᠠᠳ ᠮᠠᠯᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠷᠥᠯ ᠵᠦᠢᠯ ᠢ ᠴᠠᠭ | ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ ᠡᠭᠦᠨ ᠤ ᠬᠠᠮᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠬᠢᠨ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠳᠭᠡᠯ ᠬᠦᠴᠦᠨ ᠢ ᠪᠣᠶ ᠪᠣᠯᠭᠠᠵᠤ᠂ ᠲᠥᠷᠥᠯ ᠵᠦᠢᠯ ᠤᠨ ᠪᠠᠶᠢᠭᠤᠯᠤᠯᠲᠠ ᠶᠢᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ | ᠭᠡᠵᠦ ᠱᠠᠭᠠᠷᠳᠠᠪᠠ᠃ ᠠᠵᠢᠯ ᠣᠯᠭᠤᠯᠲᠠ ᠪᠠᠷ ᠲᠡᠳᠭᠦᠬᠦ ᠲᠦᠷᠦᠯ ᠵᠦᠢᠯ ᠤᠨ ᠪᠠᠶᠢᠭᠤᠯᠤᠯᠲᠠ ᠪᠠᠷ ᠳᠠᠮᠵᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ | | | | | | |