ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 7 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠯᠢᠨ ᠯᠢ ᠯᠢ︶ ᠰᠤᠷᠪᠤᠯᠵᠢᠯᠠᠭᠴᠢ 7 | ᠰᠠᠷ᠎ᠠ ᠶᠢᠨ 2 ᠤᠨ ᠡᠳᠦᠷ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠢᠶᠠᠷ᠄ ᠪᠧᠨ᠋ᠽᠧᠨ᠋ᠳᠤ ᠫᠷᠣᠫᠠ | ᠺᠧᠲ᠋ᠣᠨᠲᠣ ᠰᠢᠭᠡᠰᠦᠨ ᠡᠪᠡᠳᠴᠢᠨ᠂ ᠪᠥᠭᠡᠷᠡᠨ ᠡᠪᠡᠳᠴᠢᠨ ᠪᠠ ᠰᠢᠬᠢᠷ ᠰᠢᠵᠢᠩ ᠡᠪᠡᠳᠴᠢᠨ ᠵᠡᠷᠭᠡ ᠡᠪᠡᠳᠴᠢᠨ ᠳᠤ ᠬᠡᠷᠡᠭᠯᠡᠬᠦ ᠠᠨᠠᠭᠠᠬᠤ ᠤᠬᠠᠭᠠᠨ ᠤ ᠤᠨᠴᠠᠭᠠᠢ | ᠬᠡᠷᠡᠭᠴᠡᠭᠡᠲᠦ ᠨᠠᠶᠢᠷᠠᠯᠭ᠎ᠠ ᠲᠠᠢ 4 ᠵᠦᠢᠯ ᠤᠨ ᠢᠳᠡᠭᠡᠨ ︵ᠳᠣᠷᠣᠭᠰᠢ ︽ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ︾ ᠭᠡᠵᠦ | ᠲᠣᠪᠴᠢᠯᠠᠨ᠎ᠠ︶ ᠢ ᠲᠦᠷᠦᠭᠦᠬᠡᠨ ᠤᠷᠢᠳ ᠢᠶᠠᠷ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠵᠢᠷᠤᠮ ᠳᠤ ᠣᠷᠣᠭᠤᠯᠪᠠ᠃ | ᠡᠪᠡᠳᠴᠢᠲᠡᠨ ᠤ ᠰᠢᠮ᠎ᠡ ᠲᠡᠵᠢᠭᠡᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ ᠲᠤᠰᠠᠳᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠨᠢ ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠤ ᠤᠷᠢᠳ ᠢᠶᠠᠷ ᠬᠢᠨᠠᠨ ᠦᠨᠡᠯᠡᠵᠦ ᠬᠢᠨᠠᠨ | ᠵᠥᠪᠰᠢᠶᠡᠷᠡᠬᠦ ᠳᠡᠰ ᠳᠠᠷᠠᠭᠠᠯᠠᠯ ᠢ ᠪᠠᠶᠢᠭᠤᠯᠵᠤ᠂ ᠬᠤᠪᠣᠷ ᠲᠣᠬᠢᠶᠠᠯᠳᠤᠬᠤ ᠡᠪᠡᠳᠴᠢᠨ ᠤ ᠲᠥᠷᠥᠯ ᠢᠯᠭᠠᠯ᠂ ᠡᠮᠴᠢᠯᠡᠭᠡᠨ ᠳᠤ ᠪᠠᠴᠢᠮ ᠬᠡᠷᠡᠭᠴᠡᠭᠡ ᠲᠠᠢ ᠪᠥᠭᠡᠳ | ᠬᠠᠷᠠᠬᠠᠨ ᠵᠥᠪᠰᠢᠶᠡᠷᠡᠭᠡᠳᠦᠶ ᠰᠢᠨ᠎ᠡ ᠲᠥᠷᠥᠯ ᠢᠯᠭᠠᠯ ᠵᠡᠷᠭᠡ ᠦᠢᠯᠡᠳᠬᠦᠨ ᠳᠤ ᠤᠷᠢᠳ ᠢᠶᠠᠷ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠶᠢ ᠭᠡᠷᠡᠭᠵᠢᠬᠦᠯᠵᠦ᠂ ᠬᠢᠨᠠᠨ | ᠦᠨᠡᠯᠡᠬᠦ ᠴᠠᠭ ᠬᠤᠭᠤᠴᠠᠭ᠎ᠠ ᠶᠢ 90 ᠠᠵᠢᠯᠯᠠᠬᠤ ᠡᠳᠦᠷ ᠪᠠᠶᠢᠭᠰᠠᠨ ᠠᠴᠠ ᠨᠢ 30 ᠠᠵᠢᠯᠯᠠᠬᠤ ᠡᠳᠦᠷ ᠪᠣᠯᠭᠠᠨ ᠪᠤᠭᠤᠨᠢᠰᠬᠠᠵᠤ᠂ ᠲᠤᠬᠠᠶ ᠶᠢᠨ ᠭᠠᠵᠠᠷ ᠲᠤᠨᠢ | ᠬᠠᠷᠭᠤᠭᠤᠯᠤᠨ ᠪᠠᠶᠢᠴᠠᠭᠠᠬᠤ ᠪᠠ ᠦᠯᠢᠭᠡᠷ ᠠᠪᠴᠤ ᠰᠢᠯᠭᠠᠨ ᠪᠠᠶᠢᠴᠠᠭᠠᠬᠤ ᠶᠢ ᠤᠷᠢᠳᠠᠪᠠᠷ ᠲᠣᠬᠢᠷᠠᠭᠤᠯᠤᠨ᠎ᠠ᠃ | ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠭᠡᠳᠡᠭ ᠨᠢ ᠢᠳᠡᠭᠡᠨ ᠢᠳᠡᠬᠦ ᠳᠤ ᠬᠢᠵᠠᠭᠠᠷᠯᠠᠭᠳᠠᠬᠤ᠂ ᠰᠢᠩᠭᠡᠭᠡᠯᠲᠡ ᠨᠢ | ᠬᠠᠷᠰᠢᠯᠠᠬᠳᠠᠬᠤ᠂ ᠰᠣᠯᠢᠯᠴᠠᠭ᠎ᠠ ᠨᠢ ᠰᠠᠮᠠᠭᠤᠷᠠᠬᠤ ᠪᠤᠶᠤ ᠣᠨᠴᠠᠭᠠᠶ ᠡᠪᠡᠳᠴᠢᠨ ᠲᠠᠢ ᠬᠥᠮᠦᠰ ᠲᠤ ᠱᠠᠭᠠᠷᠳᠠᠬᠳᠠᠬᠤ ᠰᠢᠮ᠎ᠡ ᠲᠡᠵᠢᠭᠡᠯ ᠤᠨ ᠡᠳ᠋ ᠪᠤᠶᠤ ᠢᠳᠡᠭᠡᠨ | ᠤᠮᠳᠠᠭᠠᠨ ᠤ ᠣᠨᠴᠠᠭᠠᠶ ᠬᠡᠷᠡᠭᠴᠡᠭᠡ ᠶᠢ ᠬᠠᠩᠭᠠᠬᠤ ᠶᠢᠨ ᠲᠥᠯᠥᠭᠡ ᠲᠤᠰᠬᠠᠶᠢᠯᠠᠨ ᠪᠣᠯᠪᠠᠰᠤᠷᠠᠭᠤᠯᠤᠨ ᠨᠠᠶᠢᠷᠠᠭᠤᠯᠤᠭᠰᠠᠨ ᠨᠠᠶᠢᠷᠠᠯᠭ᠎ᠠ ᠲᠠᠢ ᠢᠳᠡᠭᠡᠨ ᠢ ᠵᠢᠭᠠᠵᠤ | ᠪᠠᠶᠢᠨ᠎ᠠ᠃ | |