8 ᠰᠠᠷ᠎ᠠ ᠶᠢᠨ 8 ᠤ ᠡᠳᠦᠷ ᠪᠣᠯ ᠪᠥᠬᠦ ᠤᠯᠤᠰ ᠤᠨ 16 ᠳ᠋ᠤᠭᠠᠷ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠡᠳᠦᠷᠯᠢᠭ︾ ᠪᠣᠯᠣᠨ᠎ᠠ᠂ ᠡᠨᠡ | ᠵᠢᠯ ᠤᠨ ᠠᠵᠢᠯᠯᠠᠭ᠎ᠠ ᠶᠢᠨ ᠭᠤᠣᠯ ᠰᠡᠳᠦᠪ ᠨᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠠᠢ ᠬᠠᠮᠲᠤ | ᠶᠠᠪᠤᠭᠤᠯᠤᠶ᠎ᠠ︾ ᠃ 8 ᠰᠠᠷ᠎ᠠ ᠶᠢᠨ 8 ᠤ ᠣᠷᠣᠢ᠂ ᠳ᠋ᠠ ᠶᠠᠨ ᠪᠠᠯᠭᠠᠰᠤ ᠠᠨᠠᠷ ᠤᠨ ᠦᠷ᠎ᠡ ᠠᠭᠤᠳᠠᠮ ᠲᠠᠯᠠᠪᠠᠢ ᠳᠤ ︽ᠪᠦᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠶᠢᠨ ᠡᠳᠦᠷᠯᠢᠭ︾ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠰᠠᠶᠢᠨ ᠳᠤᠷ᠎ᠠ ᠶᠢᠨ ᠠᠵᠢᠯᠯᠠᠭᠴᠢ ᠵᠢᠴᠢ | ᠰᠠᠭᠤᠭᠠᠯᠢ ᠠᠷᠠᠳ ᠵᠠᠭᠤ ᠭᠠᠷᠤᠢ ᠬᠥᠮᠥᠨ ᠣᠷᠣᠯᠴᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠠᠩᠬᠠᠷᠤᠯ ᠳᠤ ᠬᠦᠷᠪᠡ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠶᠦᠩ ᠠᠨ ᠨᠡᠶᠢᠭᠡᠮ ᠲᠣᠭᠤᠷᠢᠭ ᠠᠴᠠ ᠬᠠᠷᠢᠶᠠᠳᠣ ᠣᠷᠣᠨ ᠤ ᠲᠠᠢ ᠵᠢᠢ ᠨᠢᠳᠤᠷᠭ᠎ᠠ ᠶᠢᠨ ᠠᠩᠭᠢ ᠶᠢ | ᠵᠣᠬᠢᠶᠠᠨ ᠪᠠᠶᠢᠭᠤᠯᠵᠤ ᠲᠠᠢ ᠵᠢᠢ ᠨᠢᠳᠤᠷᠭ᠎ᠠ ᠶᠢᠨ ᠪᠡᠶ᠎ᠡ ᠴᠢᠭᠢᠷᠠᠭᠵᠢᠭᠤᠯᠬᠤ ᠲᠣᠭᠯᠠᠯᠲᠠ ᠥᠷᠨᠢᠭᠦᠯᠵᠡᠢ᠃ ᠨᠢᠳᠣᠷᠭ᠎ᠠ ᠶᠢᠨ ᠭᠡᠰᠢᠭᠦᠳ ᠬᠥᠭᠵᠢᠮ ᠤᠨ ᠠᠶᠢᠵᠠᠮ ᠢᠶᠠᠷ | ᠤᠶᠠᠨ ᠬᠠᠳᠠᠨ ᠬᠦᠳᠡᠯᠥᠯ ᠪᠠᠷᠢᠯ ᠢᠶᠠᠨ ᠤᠶᠠᠰᠣᠭᠤᠯᠵᠣ᠂ ᠲᠠᠢ ᠵᠢᠢ ᠰᠣᠶᠣᠯ ᠤᠨ ᠥᠷᠭᠡᠨ ᠪᠦᠭᠡᠳ ᠭᠦᠨᠵᠡᠭᠡᠢ ᠡᠷᠳᠡᠮ ᠨᠣᠮ ᠤᠨ ᠣᠬᠠᠭᠠᠨ ᠢ ᠭᠦᠢᠴᠡᠳ | ᠢᠯᠡᠷᠡᠭᠦᠯᠵᠦ᠂ ᠤᠳᠤ ᠦᠶ᠎ᠡ ᠶᠢᠨ ᠲᠠᠢ ᠵᠢᠢ ᠰᠣᠶᠣᠯ ᠤᠨ ᠥᠪᠡᠷᠮᠢᠴᠡ ᠬᠡᠪ ᠨᠠᠮᠪᠠ ᠪᠠ ᠷᠢᠳᠢ ᠰᠢᠳᠢ ᠪᠠᠷ ᠲᠤᠬᠠᠢ ᠶᠢᠨ ᠲᠠᠯᠠᠪᠤᠷ ᠤᠨ ᠦᠵᠡᠭᠴᠢᠳ ᠤᠨ | ᠪᠠᠭ᠋ᠠᠷᠬᠠᠯ ᠢ ᠲᠠᠲᠠᠪᠠ᠃ ᠲᠠᠯᠠᠪᠠᠶ ᠶᠢᠨ ᠪᠥᠵᠢᠭ ᠤᠨ ᠲᠣᠭᠯᠠᠯᠲᠠ ᠶᠢᠨ ᠠᠩᠭᠢ ᠶᠢᠨ ᠬᠢᠨ ᠪᠠᠰᠠ ᠪᠠᠶᠠᠷ ᠪᠠᠶᠠᠰᠤᠯ ᠲᠠᠢ᠂ ᠰᠡᠳᠬᠢᠯ ᠬᠥᠳᠡᠯᠭᠡᠮ᠎ᠡ᠂ ᠢᠷᠠᠭᠤ ᠰᠠᠶᠢᠬᠠᠨ | ᠬᠥᠭᠵᠢᠮ ᠤᠨ ᠠᠶᠠᠰ ᠢᠶᠠᠷ ᠣᠶᠠᠬᠠᠨ ᠪᠥᠵᠢᠭᠯᠡᠵᠦ᠂ ᠬᠥᠳᠡᠯᠦᠯ ᠪᠠᠷᠢᠯ ᠨᠢ ᠵᠢᠭᠳᠡ᠂ ᠴᠤᠭ ᠵᠢᠪᠬᠤᠭ᠎ᠠ ᠲᠡᠭᠦᠯᠳᠡᠷ᠂ ᠰᠠᠭᠤᠭᠠᠯᠢ ᠲᠤᠭᠤᠷᠢᠭ ᠤᠨ | ᠨᠠᠰᠤᠲᠠᠶᠢᠴᠤᠳ ᠤᠨ ᠵᠣᠯ ᠵᠢᠷᠭᠠᠯᠲᠤ ᠥᠲᠡᠯᠦᠭᠡ ᠨᠠᠰᠤᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠳᠡᠯᠭᠡᠨ ᠦᠵᠡᠭᠦᠯᠵᠦ᠂ ᠪᠥᠬᠦ ᠠᠷᠠᠳ ᠤᠨ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ᠂ ᠡᠷᠡᠭᠦᠯ ᠴᠢᠭᠢᠷᠠᠭ ᠠᠮᠢᠳᠤᠷᠠᠯ ᠤᠨ ᠠᠭᠤᠷ ᠠᠮᠢᠰᠬᠤᠯ ᠢ ᠬᠠᠷᠠᠭᠤᠯᠤᠭᠰᠠᠨ ᠪᠠᠶᠢᠨ᠎ᠠ᠃ | | | | ᠲᠣᠰ ᠤᠳᠠᠭᠠᠨ ᠤ ︽ᠪᠥᠬᠦ ᠠᠷᠠᠳ ᠤᠨ ᠴᠢᠭᠢᠷᠠᠭᠵᠢᠭᠤᠯᠤᠯᠲᠠ ᠶᠢᠨ ᠡᠳᠦᠷᠯᠢᠭ ︾ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠰᠠᠭᠤᠭᠠᠯᠢ ᠠᠷᠠᠳ ᠤᠨ | ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠰᠠᠭᠤᠭᠠᠯᠢ ᠠᠷᠠᠳ ᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠡᠩᠨᠡᠭᠡᠨ ᠳᠤ ᠣᠷᠣᠯᠴᠠᠭᠤᠯᠵᠤ᠂ ᠪᠡᠶ᠎ᠡ ᠴᠢᠭᠢᠷᠠᠭᠵᠢᠭᠤᠯᠬᠤ ᠪᠠᠷ ᠳᠠᠮᠵᠢᠭᠤᠯᠤᠨ ᠡᠷᠡᠭᠦᠯ ᠴᠢᠭᠢᠷᠠᠭ᠂ ᠪᠠᠶᠠᠷ ᠪᠠᠶᠠᠰᠤᠯ ᠢ ᠡᠳ᠋ᠯᠡᠬᠦ ᠪᠣᠯᠣᠨ᠎ᠠ᠃ ᠳ᠋ᠠ | ᠶᠠᠨ ᠪᠠᠯᠭᠠᠰᠤ ᠶᠢᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠴᠢᠨᠠᠭᠰᠢᠳᠠ | ᠲᠦᠭᠡᠮᠡᠯᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ | ᠴᠣᠭᠴᠠᠯᠠᠬᠤ ᠪᠤᠯᠤᠨ᠎ᠠ᠃ |