8 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠢ | ᠵᠢᠶᠠᠨ ᠢᠮᠢᠨ ᠭᠤᠣᠯ ᠪᠠᠯᠭᠠᠰᠤᠨ ᠤ ᠶᠦᠩᠹᠧᠩ ᠭᠠᠴᠠᠭ᠎ᠠ ᠳᠤ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠤᠯᠭᠠᠭᠤᠯᠵᠤ ᠪᠠᠬᠢᠵᠢᠭᠦᠯᠦᠨ ᠥᠷᠭᠡᠳᠬᠡᠬᠦ ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ | ᠠᠰᠠᠭᠤᠳᠠᠯ ᠢ ᠰᠢᠢᠳᠪᠦᠷᠢᠯᠡᠬᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠥᠷᠨᠢᠭᠦᠯᠦᠭᠰᠡᠨ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠪᠠ᠃ | | | | ᠶᠦᠩᠹᠧᠩ ᠭᠠᠴᠠᠭ᠎ᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠳᠤ᠂ ᠢᠦᠢ ᠵᠢᠶᠠᠨ ᠶᠦᠩᠹᠧᠩ ᠭᠠᠴᠠᠭ᠎ᠠ ᠶᠢᠨ ᠬᠠᠮᠲᠤ ᠶᠢᠨ ᠠᠵᠤ | ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠳᠣ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠬᠤ ᠳᠠᠯᠠᠢ ᠶᠢᠨ | ᠭᠡᠷ ᠢᠶᠠᠷ ᠬᠦᠷᠴᠦ᠂ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ᠂ ᠣᠷᠣᠯᠭ᠎ᠠ ᠶᠢᠨ ᠪᠠᠶᠢᠳᠠᠯ᠂ ᠣᠷᠣᠨ ᠰᠠᠭᠤᠴᠠ ᠶᠢᠨ ᠨᠥᠬᠦᠴᠡᠯ᠂ ᠤᠤᠭᠤᠬᠤ ᠤᠰᠤᠨ ᠤ ᠠᠮᠤᠷ | ᠲᠦᠪᠰᠢᠨ ᠵᠡᠷᠭᠡ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠣᠶᠢᠯᠠᠭᠠᠪᠠ᠃ | ᠢᠦᠢ ᠵᠢᠶᠠᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠲᠤᠳᠬᠠᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠤᠯᠤᠰ ᠲᠦᠷᠦ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ | ᠲᠠᠬᠢᠨ ᠶᠠᠳᠠᠭᠤᠷᠠᠬᠤ ᠶᠢ ᠰᠡᠷᠭᠡᠶᠢᠯᠡᠬᠦ᠂ ᠬᠠᠪᠰᠤᠷᠤᠨ ᠲᠡᠳᠬᠦᠬᠦ ᠲᠠᠯ᠎ᠠ ᠪᠠᠷ ᠬᠥᠳᠡᠯᠦᠩᠭᠦᠢ ᠪᠠᠶᠢᠬᠤ᠂ ᠳᠡᠭᠡᠳᠦ ᠱᠠᠲᠤ ᠲᠠᠢ ᠬᠠᠷᠭᠤᠭᠤᠯᠤᠨ ᠠᠰᠠᠭᠤᠳᠠᠯ ᠢᠶᠠᠨ | ᠴᠡᠭᠴᠡᠯᠡᠨ ᠰᠠᠶᠢᠵᠢᠷᠠᠭᠤᠯᠬᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠯᠡᠨ᠂ | ᠤᠯᠠᠨ ᠲᠦᠮᠡᠨ ᠢ ᠬᠠᠪᠰᠤᠷᠤᠨ ᠡᠯ᠎ᠡ ᠵᠦᠢᠯ ᠤᠨ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢ | ᠳᠡᠭᠡᠭᠰᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ᠂ ᠨᠢᠭᠡ ᠪᠦᠯᠦᠭ ᠤᠯᠠᠨ ᠲᠦᠮᠡᠨ ᠤ ᠬᠦᠰᠡᠨ ᠱᠠᠭᠠᠷᠳᠠᠵᠤ ᠪᠣᠢ ᠪᠣᠳᠠᠲᠤ ᠶᠠᠪᠤᠳᠠᠯ ᠢ ᠪᠦᠲᠦᠭᠡᠵᠦ ᠂ | ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠪᠣᠯᠣᠨ ᠬᠥᠳᠡᠭᠡ ᠲᠣᠰᠬᠤᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠴᠢ | ᠪᠡᠯᠴᠢᠭᠡᠷᠯᠡᠭᠦᠯᠬᠦ ᠶᠢ ᠵᠤᠭᠰᠣᠭᠠᠬᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭ᠎ᠠ ᠶᠢᠨ ᠮᠠᠯ ᠢ | ᠬᠠᠰᠢᠶᠠᠯᠠᠨ ᠲᠡᠵᠢᠭᠡᠬᠦ ᠪᠠ ᠡᠪᠡᠰᠦ ᠪᠣᠷᠳᠣᠭᠤᠷ ᠤᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠲᠠᠬᠢᠨ ᠰᠢᠨ᠎ᠡ | ᠦᠷ᠎ᠡ ᠪᠦᠲᠦᠮᠵᠢ ᠭᠠᠷᠭᠠᠵᠤ᠂ ᠲᠠᠬᠢᠨ ᠰᠢᠨ᠎ᠡ ᠳᠡᠭᠲᠡᠷ ᠲᠤ ᠬᠦᠷᠭᠡᠬᠦ ᠬᠡᠷᠡᠭᠲᠡᠢ᠃ |