ᠪᠠᠶᠠᠨᠲᠤᠬᠠᠢ ᠪᠠᠯᠭᠠᠰᠤᠨ ᠤ ᠳᠦᠭᠦᠷᠡᠩ ᠨᠡᠶᠢᠭᠡᠮ ᠲᠣᠭᠤᠷᠢᠭ ᠤᠨ ᠬᠢᠨ ᠰᠢᠨ᠎ᠡ ᠲᠣᠭᠤᠷᠢᠭ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠡᠷᠡᠭᠦᠯ ᠮᠡᠨᠳᠦ ᠶᠢᠨ ᠪᠣᠶᠠᠨᠰᠠᠭ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/2
       ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠨᠡᠶᠢᠭᠡᠮ ᠨᠡᠶᠢᠲᠡ ᠳᠤ ᠲᠦᠭᠡᠮᠡᠯᠵᠢᠭᠦᠯᠬᠦ ᠶᠢᠨ ᠲᠥᠯᠥᠭᠡ᠂ 7 ᠰᠠᠷ᠎ᠠ ᠶᠢᠨ 30 ᠤ ᠡᠳᠦᠷ᠂ ᠪᠠᠶᠠᠨᠲᠤᠬᠠᠢ ᠪᠠᠯᠭᠠᠰᠤᠨ ᠤ ᠳᠦᠭᠦᠷᠡᠩ ᠨᠡᠶᠢᠭᠡᠮ ᠲᠣᠭᠤᠷᠢᠭ  ᠰᠢᠨ᠎ᠡ ᠲᠣᠭᠤᠷᠢᠭ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ︽  ᠨᠠᠰᠤᠲᠠᠨ ᠨᠢᠯᠬ᠎ᠠ ᠪᠠᠨ ᠬᠠᠶᠢᠷᠠᠯᠠᠨ ᠬᠠᠯᠠᠮᠵᠢᠯᠠᠵᠤ᠂   ᠥᠨᠥ ᠮᠠᠷᠭᠠᠰᠢ ᠶᠢᠨ ᠰᠠᠶᠢᠨ ᠰᠠᠶᠢᠬᠠᠨ ᠢ ᠬᠠᠮᠲᠤ ᠪᠠᠷ ᠰᠠᠬᠢᠨ ᠬᠠᠮᠠᠭᠠᠯᠠᠬᠤ︾ ᠡᠷᠡᠭᠦᠯ ᠮᠡᠨᠳᠦ ᠶᠢᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠳᠤᠮᠳᠠ᠂ ᠡᠮᠴᠢ ᠰᠤᠪᠢᠯᠠᠭᠴᠢᠳ ᠰᠠᠭᠤᠭᠠᠯᠢ ᠠᠷᠠᠳ ᠲᠤ ᠴᠢᠰᠤᠨ ᠳᠠᠷᠤᠯᠲᠠ᠂ ᠰᠢᠬᠢᠷ ᠰᠢᠵᠢᠩ᠂ ᠵᠢᠷᠦᠬᠡ ᠠᠭᠤᠰᠬᠢ ᠶᠢ ᠴᠢᠩᠨᠠᠨ ᠣᠨᠣᠰᠢᠯᠠᠬᠤ ᠵᠡᠷᠭᠡ ᠡᠩ ᠤᠨ ᠲᠥᠷᠥᠯ ᠵᠦᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠲᠡᠳᠡᠨ ᠳᠤ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠯ ᠤᠨ ᠮᠡᠳᠡᠯᠭᠡ ᠪᠠ ᠵᠣᠨ ᠤ ᠤᠯᠠᠷᠢᠯ ᠤᠨ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠤᠷᠠᠨ ᠠᠷᠭ᠎ᠠ ᠶᠢ ᠲᠠᠶᠢᠯᠪᠤᠷᠢᠯᠠᠵᠤ ᠥᠭᠪᠡ᠃ ᠲᠤᠬᠠᠢ ᠶᠢᠨ ᠲᠠᠯᠠᠪᠤᠷ ᠲᠤ ᠪᠠᠰᠠ ᠠᠰᠠᠭᠤᠨ ᠯᠠᠪᠯᠠᠬᠤ ᠲᠠᠪᠴᠠᠩ ᠭᠠᠷᠭᠠᠵᠤ᠂  ᠡᠯᠪᠡᠭ ᠲᠤᠷᠰᠢᠯᠭ᠎ᠠ ᠲᠠᠢ ᠡᠮᠴᠢ ᠠᠴᠠ ᠰᠠᠭᠤᠭᠠᠯᠢ ᠠᠷᠠᠳ ᠲᠤ ᠡᠯ᠎ᠡ ᠵᠦᠢᠯ ᠤᠨ ᠡᠷᠡᠭᠦᠯ ᠮᠡᠨᠳᠦ ᠶᠢᠨ ᠠᠰᠠᠭᠤᠳᠠᠯ ᠢ ᠲᠠᠶᠢᠯᠪᠤᠷᠢᠯᠠᠨ ᠥᠭᠴᠦ᠂ ᠨᠠᠰᠤᠲᠠᠶᠢᠴᠤᠳ ᠲᠤ ᠬᠠᠨᠳᠤᠯᠭᠠᠲᠤ ᠴᠢᠨᠠᠷᠲᠠᠢ ᠡᠮᠴᠢᠯᠡᠭᠡᠨ ᠤ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠬᠠᠩᠭᠠᠵᠤ᠂ ᠲᠡᠳᠡᠨ ᠢ ᠬᠠᠪᠰᠤᠷᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠨᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠤᠯᠪᠠ᠃       ᠲᠣᠰ ᠤᠳᠠᠭᠠᠨ ᠤ ᠠᠵᠢᠯᠯᠠᠭ᠎ᠠ ᠨᠢ ᠳᠦᠭᠦᠷᠡᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠨᠡᠮᠡᠭᠳᠡᠭᠦᠯᠦᠨ᠂ ᠲᠡᠳᠡᠨ ᠳᠤ ᠲᠤᠰᠬᠠᠢ ᠡᠮᠴᠢᠯᠡᠭᠡᠨ ᠤ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠳᠠᠶᠢᠴᠢᠯᠠᠵᠤ᠂ ᠡᠯ᠎ᠡ ᠲᠦᠷᠦᠯ ᠤᠨ ᠡᠬᠢ ᠪᠠᠶᠠᠯᠢᠭ ᠢ ᠨᠡᠶᠢᠳᠬᠡᠵᠦ᠂ ᠬᠠᠯᠠᠮᠵᠢᠲᠣ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠶ᠎ᠡ ᠵᠣᠬᠢᠴᠠᠩᠭᠤᠢ ᠡᠷᠡᠭᠦᠯ ᠡᠩᠬᠡ ᠨᠡᠶᠢᠭᠡᠮ ᠲᠣᠭᠤᠷᠢᠭ ᠢ ᠬᠦᠴᠦᠯᠡᠨ ᠪᠠᠶᠢᠭᠤᠯᠬᠤ ᠪᠠᠷ ᠴᠢᠷᠮᠠᠶᠢᠨ᠎ᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ