ᠭᠤᠸᠠᠩᠳᠦ᠋ᠩ ᠮᠤᠵᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠪᠰᠤᠷᠤᠨ ᠲᠡᠳᠬᠦᠬᠦ ᠶᠠᠷᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/22
       8 ᠰᠠᠷ᠎ᠠ ᠶᠢᠨ 16 ᠤ ᠡᠳᠦᠷ᠂ ᠭᠤᠸᠠᠩᠳᠦ᠋ᠩ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠪᠰᠤᠷᠤᠨ ᠲᠡᠳᠬᠦᠬᠦ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠤᠤ ᠬᠤᠶ ᠷᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
20240822-1-1.jpg
       ᠬᠤᠷᠠᠯ ᠠᠴᠠ ᠬᠤᠶᠠᠷ ᠭᠠᠵᠠᠷ ᠤᠨ ᠡᠷᠡᠭᠦᠯ ᠮᠡᠨᠳᠦ ᠶᠢᠨ ᠬᠠᠪᠰᠤᠷᠤᠨ ᠲᠡᠳᠬᠦᠬᠦ ᠠᠵᠢᠯ ‍ᠤᠨ‌ᠥᠷᠨᠢᠭᠦᠯᠵᠦ ᠪᠠᠶᠢᠭ᠎ᠠ ᠪᠠᠶᠢᠳᠠᠯ᠂ ᠦᠷ᠎ᠡ ᠠᠰᠢᠭ ᠪᠠ ᠬᠠᠪᠰᠤᠷᠤᠨ ᠲᠡᠳᠬᠦᠬᠦ ᠬᠡᠷᠡᠭᠴᠡᠭᠡ ᠱᠠᠭᠠᠷᠳᠠᠯᠭ᠎ᠠ ᠶᠢ ᠰᠣᠨᠣᠰᠤᠭᠰᠠᠨ ᠪᠥᠭᠡᠳ ᠲᠤᠰᠬᠠᠢ ᠮᠡᠷᠭᠡᠵᠢᠯᠲᠡᠨ ᠤ ᠳᠠᠪᠠᠭᠤᠯᠢᠭ ᠢ ᠬᠡᠷᠬᠢᠨ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠬᠤ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠦᠪᠰᠢᠨ ᠪᠣᠯᠣᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠥᠷᠭᠡᠨ ᠢᠶᠠᠷ ᠰᠠᠨᠠᠯ ᠢᠶᠠᠨ  ᠰᠣᠯᠢᠯᠴᠠᠪᠠ᠃       ᠭᠤᠸᠠᠩᠳᠦ᠋ᠩ ᠡᠮ ᠤᠨ ᠰᠢᠨᠵᠢᠯᠡᠭᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠷᠢᠶᠠᠲᠤ ᠨᠢᠭᠡᠳᠦᠭᠡᠷ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ ᠯᠢᠨ ᠸᠧᠢ ᠴᠧᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠶᠠᠷᠢᠯᠴᠠᠬᠤ ᠬᠤᠷᠠᠯ ᠪᠣᠯ ᠬᠤᠶᠠᠷ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠦᠪᠡᠳᠡᠭᠰᠢ ᠬᠤᠷᠠᠯ ᠪᠣᠯᠬᠤ ᠪᠠᠷ ᠪᠠᠷᠠᠬᠤ ᠦᠭᠡᠢ᠂ ᠨᠠᠩ ᠴᠤ ᠬᠤᠶᠠᠷ ᠭᠠᠵᠠᠷ ᠤᠨ ᠬᠢᠨ ᠬᠠᠮᠲᠤ ᠪᠠᠷ ᠣᠷᠣᠭᠰᠢᠯᠠᠨ᠂ ᠬᠠᠮᠲᠤᠷᠠᠨ ᠠᠵᠢᠯᠯᠠᠬᠤ ᠪᠠ ᠬᠦᠭᠵᠢᠭᠦᠯᠦᠯᠲᠡ ᠶᠢ ᠰᠦᠪᠡᠭᠴᠢᠯᠡᠬᠦ ᠴᠢᠬᠤᠯᠠ ᠵᠠᠪᠰᠢᠶᠠᠨ ᠮᠥᠨ᠃       ᠤᠤ ᠬᠤᠶ ᠷᠠᠨ ᠬᠤᠶᠠᠷ ᠭᠠᠵᠠᠷ ᠤᠨ ᠥᠷᠨᠢᠭᠦᠯᠦᠭᠰᠡᠨ ᠠᠵᠢᠯ ᠵᠢᠴᠢ ᠢᠯᠡᠳᠲᠡ ᠦᠷ᠎ᠡ ᠠᠰᠢᠭ ᠢ ᠭᠦᠢᠴᠡᠳ ᠨᠤᠲᠠᠯᠠᠨ᠂ ᠨᠡᠩ ᠪᠦᠷᠢᠨ ᠲᠡᠭᠦᠯᠳᠡᠷ ᠴᠢᠳᠠᠪᠤᠷᠢᠲᠠᠨ ᠤ ᠰᠣᠯᠢᠯᠴᠠᠭ᠎ᠠ ᠪᠠ ᠬᠥᠮᠥᠵᠢᠭᠦᠯᠬᠦ ᠲᠣᠭᠲᠠᠴᠠ ᠶᠢ ᠪᠠᠶᠢᠭᠤᠯᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠳᠡᠮᠵᠢᠨ ᠲᠡᠳᠬᠦᠵᠦ᠂ ᠲᠤᠰᠬᠠᠢ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠬᠤ᠂ ᠡᠮᠴᠢᠯᠡᠭᠡᠨ ᠤ ᠭᠤᠣᠯᠯᠠᠭᠴᠢ ᠬᠥᠮᠥᠰ ᠢ ᠭᠥᠯᠢᠶᠡᠨ ᠠᠪᠴᠤ ᠳᠠᠪᠲᠠᠨ ᠰᠣᠷᠣᠯᠴᠠᠭᠤᠯᠬᠤ᠂ ᠠᠯᠤᠰ ᠡᠵᠡᠮᠳᠡᠯᠲᠦ ᠡᠮᠴᠢᠯᠡᠭᠡᠨ ᠢᠶᠠᠷ ᠬᠠᠮᠲᠤᠷᠠᠨ ᠣᠨᠣᠰᠢᠯᠠᠬᠤ᠂ ᠡᠮᠴᠢᠯᠡᠭᠡᠨ ᠤ ᠲᠥᠬᠦᠭᠡᠷᠦᠮᠵᠢ ᠪᠠᠷ ᠳᠡᠮᠵᠢᠬᠦ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠬᠢᠵᠦ᠂ ᠬᠤᠶᠠᠷ ᠲᠠᠯ᠎ᠠ ᠶᠢᠨ ᠥᠨᠳᠥᠷ ᠬᠢᠷᠢ ᠲᠦᠪᠰᠢᠨ ᠪᠦᠬᠦᠢ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ  ᠪᠥᠬᠦ ᠲᠠᠯ᠎ᠠ ᠶᠢᠨ ᠠᠵᠢᠯ ᠤᠨ ᠰᠢᠨ᠎ᠡ ᠪᠠᠶᠢᠳᠠᠯ ᠢ ᠬᠠᠮᠲᠣᠷᠠᠨ ᠡᠭᠦᠳᠴᠦ᠂ ᠡᠸᠡᠩᠬᠢ ᠶᠢᠨ ᠲᠠᠯ᠎ᠠ ᠨᠤᠲᠤᠭ ᠲᠤ ᠥᠨᠳᠥᠷ ᠲᠦᠪᠰᠢᠨ ᠪᠦᠬᠦᠢ ᠡᠮᠴᠢᠯᠡᠭᠡᠨ ᠤ ᠡᠩᠨᠡᠭᠡ ᠶᠢ ᠪᠣᠢ ᠪᠣᠯᠭᠠᠨ᠎ᠠ᠃ ᠬᠢᠲᠠᠳ ︵ᠮᠣᠩᠭᠤᠯ︶ ᠤᠨ ᠡᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠭᠦᠨᠵᠡᠭᠡᠢ ᠬᠠᠶᠢᠨ ᠰᠦᠪᠡᠭᠴᠢᠯᠡᠵᠦ᠂ ᠣᠳᠣᠬᠢᠴᠢᠯᠠᠭᠰᠠᠨ᠂ ᠬᠡᠪᠴᠢᠶᠡᠵᠢᠭᠰᠡᠨ᠂ ᠠᠵᠤ ᠦᠶᠢᠯᠡᠰᠵᠢᠭᠰᠡᠨ ᠬᠥᠭᠵᠢᠯᠲᠡ ᠶᠢᠨ ᠲᠠᠯ᠎ᠠ  ᠶᠢᠨ ᠰᠢᠪᠲᠤᠯᠤᠯᠲᠠ ᠶᠢ ᠡᠷᠢᠯᠬᠢᠯᠡᠵᠦ᠂ ᠡᠶᠢᠮᠦᠷᠬᠦ ᠡᠬᠢ ᠪᠠᠶᠠᠯᠢᠭ ᠤᠨ ᠳᠠᠪᠠᠭᠤᠯᠢᠭ ᠢ ᠨᠠᠩ ᠰᠠᠶᠢᠲᠤᠷ ᠠᠵᠤ ᠠᠬᠤᠢ ᠶᠢᠨ ᠥᠷᠲᠡᠭ ᠪᠣᠯᠭᠠᠨ ᠬᠤᠪᠢᠷᠠᠭᠤᠯᠵᠤ᠂ ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠶᠢ ᠪᠡᠶᠡᠯᠡᠭᠦᠯᠦᠨ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠭᠤᠸᠠᠩᠳᠦ᠋ᠩ ᠥᠪᠥᠷ ᠮᠣᠩᠭᠤᠯ ᠬᠤᠶᠠᠷ ᠭᠠᠵᠠᠷ ᠤᠨ ᠡᠮᠴᠢᠯᠡᠭᠡᠨ ᠤ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠤᠶᠠᠷ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠪᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ