8 ᠰᠠᠷ᠎ᠠ ᠶᠢᠨ 26 ᠤ ᠡᠳᠦᠷ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠶᠠᠳᠣ ᠨᠢᠭᠡᠴᠡ | ᠪᠣᠯᠬᠤ ᠡᠸᠡᠩᠬᠢ ᠮᠦᠽᠧᠢ᠂ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ | ᠵᠣᠬᠢᠶᠠᠨ ᠪᠠᠶᠢᠭᠤᠯᠵᠤ᠂ ᠪᠠᠶᠠᠨ᠋ᠠ᠋ᠭᠤᠯᠠ ᠡᠷᠲᠡᠨ ᠤ ᠬᠤᠲᠠ ᠶᠢᠨ ᠪᠠᠭᠤᠷᠢ ᠳᠤ ᠬᠦᠷᠴᠦ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠥᠷᠨᠢᠭᠦᠯᠪᠡ᠃ | | | | ᠪᠠᠶᠢᠴᠠᠭᠠᠬᠤ ᠶᠠᠪᠤᠴᠠ ᠳᠤ᠂ ᠪᠠᠶᠠᠨ᠋ᠠ᠋ᠭᠤᠯᠠ ᠶᠢᠨ ᠡᠷᠲᠡᠨ ᠤ ᠬᠤᠲᠠ ᠶᠢᠨ ᠪᠠᠭᠤᠷᠢ ᠶᠢᠨ ᠬᠠᠮᠠᠭᠠᠯᠠᠯᠲᠠ ᠶᠢᠨ ᠣᠷᠣᠨ ᠳᠤ ᠵᠠᠷᠢᠮ ᠮᠠᠯᠴᠢᠳ ᠮᠠᠰᠢᠨ ᠢᠶᠠᠷ | ᠡᠪᠡᠰᠦ ᠬᠠᠨᠳᠣᠵᠣ ᠪᠠᠶᠢᠬᠤ ᠶᠢ ᠣᠯᠵᠤ ᠮᠠᠲᠠᠵᠠᠢ᠂ ᠲᠤᠬᠠᠢ ᠶᠢᠨ ᠭᠠᠵᠠᠷ ᠤᠨ ᠲᠣᠮᠢᠯᠠᠭᠰᠠᠨ ᠰᠠᠯᠪᠤᠷᠢ᠂ ᠭᠠᠴᠠᠭᠠᠨ ᠤ ᠱᠦᠵᠢ ᠲᠠᠢ ᠬᠢᠨᠠᠨ ᠬᠠᠷᠭᠤᠭᠤᠯᠤᠭᠠᠳ | ᠬᠠᠮᠠᠭᠠᠯᠠᠯᠲᠠ ᠶᠢᠨ ᠣᠷᠣᠨ ᠳᠤ ᠡᠪᠡᠰᠦ ᠬᠠᠳᠣᠵᠤ ᠪᠠᠶᠢᠬᠤ ᠨᠢ ᠲᠣᠰ ᠭᠠᠴᠠᠭᠠᠨ ᠤ ᠮᠠᠯᠴᠢᠳ ᠪᠣᠯᠬᠤ ᠶᠢ ᠲᠤᠳᠣᠷᠬᠠᠶᠢᠯᠠᠵᠤ᠂ ᠲᠤᠬᠠᠢ ᠶᠢᠨ ᠬᠥᠮᠥᠨ ᠢ ᠢᠳᠬᠠᠨ | ᠬᠤᠷᠢᠭᠯᠠᠬᠤ ᠶᠢᠨ ᠬᠠᠮᠲᠤ ᠲᠣᠭᠲᠠᠭᠰᠠᠨ ᠬᠤᠭᠤᠴᠠᠭᠠᠨ ᠳᠤ ᠠᠵᠢᠯ ᠤᠨ ᠲᠤᠨᠤᠭ ᠲᠥᠬᠦᠭᠡᠷᠦᠮᠵᠢ ᠪᠠᠨ ᠲᠦᠷᠭᠡᠨ ᠪᠣᠴᠠᠭᠠᠯᠭᠠᠵᠤ᠂ ᠬᠠᠰᠢᠶ᠎ᠠ ᠰᠡᠷᠡᠯᠵᠢ ᠶᠢᠨ ᠤᠤᠯ | ᠪᠠᠶᠢᠳᠠᠯ ᠢ ᠰᠡᠷᠭᠦᠭᠡᠯᠭᠡᠬᠦ ᠪᠠᠷ ᠲᠤᠭᠲᠠᠪᠠ᠃ ᠡᠭᠦᠨ ᠤ ᠬᠠᠮᠲᠤ᠂ ᠭᠠᠴᠠᠭᠠᠨ ᠤ ᠮᠠᠯᠴᠢᠳ ᠲᠤ ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠳᠦᠷᠢᠮ ᠲᠤᠭᠲᠠᠭᠠᠯ ᠢ ᠲᠦᠭᠡᠮᠡᠯᠵᠢᠭᠦᠯᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠪᠠᠨ ᠪᠠᠲᠤᠳᠬᠠᠨ᠂ ᠠᠮᠤᠷ ᠲᠦᠪᠰᠢᠨ ᠤ | ᠪᠠᠶᠢᠴᠠᠭᠠᠯᠲᠠ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭ᠎ᠠ ᠠᠳᠬᠤᠨ᠂ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠢᠯᠢ ᠳᠣᠲᠣᠷᠠᠬᠢ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠨ᠎ᠠ᠃ |