ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠢ ᠡᠭᠦᠳᠦᠨ ᠪᠠᠶᠢᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/8/7
       8 ᠰᠠᠷ᠎ᠠ ᠶᠢᠨ 2 ᠤᠨ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ‍ᠦ‌ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠢ ᠡᠭᠦᠳᠦᠨ ᠪᠠᠶᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠤᠳᠤᠷᠢᠳᠤᠯᠭ᠎ᠠ  ᠬᠤᠲᠠᠯᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
20240807-1-1.jpg
      ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ︽ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠢ ᠡᠭᠦᠳᠦᠨ ᠪᠠᠶᠢᠭᠤᠯᠬᠤ ᠲᠤᠬᠠᠢ ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠥᠪᠯᠡᠯ ᠤᠨ ᠬᠡᠷᠡᠭᠵᠢᠭᠦᠯᠬᠦ ᠲᠥᠰᠥᠯ︾ ᠢ ᠤᠩᠰᠢᠨ ᠨᠡᠶᠢᠲᠡᠯᠡᠪᠡ᠃
20240807-1-2.jpg
      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠪᠣᠯ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠠᠴᠠ  ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠣᠯᠠᠨ ᠲᠦᠮᠡᠨ ᠲᠠᠢ ᠨᠡᠩ ᠰᠠᠶᠢᠨ ᠬᠠᠷᠢᠯᠴᠠᠬᠤ ᠪᠠ ᠦᠢᠯᠡᠴᠢᠯᠡᠬᠦ ᠶᠢᠨ ᠲᠥᠯᠥᠭᠡ ᠪᠠᠶᠢᠭᠤᠯᠤᠭᠰᠠᠨ ᠠᠵᠢᠯ ᠤᠨ ᠲᠠᠪᠴᠠᠩ ᠪᠣᠯᠣᠨ᠎ᠠ᠂ ᠡᠯ᠎ᠡ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠡᠭᠡᠳᠦ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠢ ᠡᠭᠦᠳᠦᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠨ᠂ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠠᠰᠢᠭ ᠢ ᠨᠠᠩ ᠰᠠᠶᠢᠲᠤᠷ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ᠂ ᠡᠯ᠎ᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠢ ᠡᠭᠦᠳᠦᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠲᠤᠰᠬᠠᠢ ᠮᠡᠷᠭᠡᠵᠢᠯ ᠤᠨ ᠳᠠᠪᠠᠭᠤᠯᠢᠭ ᠪᠣᠯᠣᠨ‌ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠣᠨᠴᠠᠯᠢᠭ ᠢ ᠢᠳᠡᠪᠬᠢᠲᠡᠢ ᠪᠠᠳᠠᠷᠠᠭᠤᠯᠵᠤ᠂ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠤᠯᠠᠨ ᠲᠦᠮᠡᠨ ᠳᠤ ᠨᠡᠩ ᠣᠨᠣᠪᠴᠢᠲᠠᠢ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠶᠢᠷᠡᠭᠦᠯᠦᠨ᠂ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠳᠠᠪᠠᠭᠤᠯᠢᠭ ᠢ ᠪᠠᠳᠠᠷᠠᠭᠤᠯᠵᠤ᠂ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠣᠯᠠᠨ ᠲᠦᠮᠡᠨ ᠲᠠᠢ ᠬᠠᠷᠢᠯᠴᠠᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠤᠣᠰᠯᠠᠭᠤᠯᠬᠤ ᠶᠢ ᠪᠦᠲᠦᠮᠵᠢᠲᠡᠶ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠠᠰᠤᠷᠠᠯᠲᠠ ᠦᠭᠡᠢ ᠴᠢᠩᠭᠠᠳᠬᠠᠨ᠂ ᠠᠵᠢᠯᠯᠠᠭᠠᠨ ᠢ ᠪᠠᠶᠠᠯᠢᠭᠵᠢᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠤᠷᠠᠳᠤᠭᠰᠠᠨ ︽ᠳᠠᠭᠤᠳᠠᠯᠭ᠎ᠠ ᠪᠠᠶᠢᠪᠠᠯ ᠵᠠᠪᠠᠯ ᠬᠦᠯᠢᠶᠡᠵᠦ᠂ ᠠᠷᠠᠳ ᠤᠨ ᠲᠥᠯᠥᠭᠡ ᠵᠥᠪᠳᠡᠯᠴᠡᠬᠦ︾ ᠨᠠᠷᠠᠲᠤ ᠲᠡᠮᠳᠡᠭᠲᠦ ᠶᠢ ᠢᠳᠡᠪᠬᠢᠲᠡᠢ ᠪᠠᠷ ᠳᠠᠭᠠᠬᠤ ᠬᠡᠷᠡᠭᠲᠡᠢ᠃ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯ ᠢ  ᠳᠦᠷᠢᠮᠵᠢᠭᠦᠨ ᠡᠮᠬᠢ ᠵᠢᠷᠤᠮ ᠲᠠᠢ ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ ᠢ ᠴᠢᠩᠭᠠᠳᠬᠠᠨ᠂ ᠤᠯᠤᠰ ᠲᠥᠷᠥ ᠶᠢᠨ ᠵᠥᠪᠯᠡᠯᠭᠡᠨ ᠤ ᠵᠢᠳᠬᠦᠯ ᠴᠢᠷᠮᠠᠶᠢᠯᠭ᠎ᠠ ᠶᠢ ᠬᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠬᠤᠷᠠᠯ ᠳᠤ ᠣᠷᠣᠯᠴᠠᠭᠰᠠᠳ ᠪᠠᠰᠠ ᠬᠤᠰᠢᠭᠤᠨ ᠤ ᠤᠯᠤᠰ ᠳᠣᠶᠢᠷᠤ ᠶᠢᠨ ᠵᠦᠪᠯᠡᠯᠭᠡᠨ ᠤ ᠤᠨᠴᠠᠭᠠᠢ ᠨᠠᠮ ᠪᠦᠯᠦᠭ ᠤᠨ ︵ᠲᠦᠯᠦᠭᠡᠯᠡᠭᠴᠢ︶ ᠭᠡᠰᠢᠭᠦᠳ ᠤᠨ ᠠᠵᠢᠯᠯᠠᠬᠤ ᠲᠠᠰᠤᠭ ᠤᠨ ᠠᠵᠢᠯᠯᠠᠭᠠᠨ ᠤ ᠲᠠᠯᠠᠪᠣᠷ ᠢ ᠲᠣᠭᠤᠷᠢᠨ ᠦᠵᠡᠪᠡ᠃  
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ