ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠬᠥᠭᠵᠢᠬᠦ ᠶᠢ ᠳᠡᠮᠵᠢᠬᠦ ᠶᠢᠨ ᠲᠥᠯᠥᠭᠡ᠂ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠢᠳᠡᠪᠬᠢᠴᠢᠯᠡᠨ ᠣᠷᠣᠯᠴᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠣᠯᠠᠨ ᠵᠦᠢᠯ ᠤᠨ ᠠᠷᠭ᠎ᠠ ᠪᠠᠷᠢᠯ ᠢ ᠵᠡᠷᠭᠡ ᠪᠠᠷ ᠬᠡᠷᠡᠭᠯᠡᠨ | ᠬᠤᠳᠠᠯᠳᠤᠭ᠎ᠠ ᠡᠷᠭᠢᠯᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠰᠡᠳᠬᠢᠯ ᠭᠠᠷᠭᠠᠬᠤ᠂ ᠬᠦᠴᠦ ᠲᠠᠯᠪᠢᠬᠤ᠂ ᠵᠦᠢ ᠶᠤᠰᠣᠲᠠᠢ ᠠᠵᠢᠯ ᠤᠨ ᠵᠠᠷᠴᠢᠮ ᠢ ᠪᠠᠷᠢᠮᠲᠠᠯᠠᠨ᠂ | ᠢᠷᠭᠡᠳ ᠤᠨ ᠠᠵᠤ ᠠᠬᠤᠶᠢᠯᠠᠯ ᠪᠣᠯᠬᠤ ᠳᠡᠯᠡᠬᠡᠢ ᠶᠢᠨ ᠨᠠᠷᠠᠲᠤ ᠢᠳᠡᠭᠡᠨ ᠤᠮᠳᠠᠭᠠᠨ ᠤ ᠲᠡᠮᠳᠡᠭᠲᠦ ᠺᠧᠨ ᠳ᠋ᠧ ᠵᠢᠢ ᠬᠤᠭᠤᠯᠠᠨ ᠲᠢᠩᠬᠢᠮ ᠢ ᠮᠠᠨ ᠤ ᠬᠤᠰᠢᠭᠤᠨ ᠳᠤ | ᠣᠷᠣᠭᠤᠯᠵᠣ ᠪᠠᠶᠢᠷᠠᠯᠠᠭᠤᠯᠬᠤ ᠳᠤ ᠬᠦᠴᠦᠯᠡᠪᠡ᠃ ᠣᠶᠢᠷ᠎ᠠ ᠳᠤ᠂ ᠺᠧᠨ ᠳ᠋ᠧ ᠵᠢᠢ ᠬᠤᠭᠤᠯᠠᠨ ᠲᠢᠩᠬᠢᠮ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠪᠠᠶᠠᠨᠲᠤᠬᠠᠢ ᠪᠠᠯᠭᠠᠰᠤᠨ ᠤ ᠲᠥᠪ ᠵᠡᠭᠡᠯᠢ ᠶᠢᠨ ᠬᠤᠳᠠᠯᠳᠤᠭᠠᠨ ᠤ ᠲᠣᠭᠤᠷᠢᠭ ᠲᠤ ᠠᠵᠢᠯ ᠢᠶᠠᠨ ᠤᠷᠤᠭᠰᠢᠲᠠᠢ ᠡᠬᠢᠯᠡᠭᠦᠯᠪᠡ᠃ | | | | ᠺᠧᠨ ᠳ᠋ᠧ ᠵᠢᠢ ᠬᠤᠭᠤᠯᠠᠨ ᠲᠢᠩᠬᠢᠮ ᠢ ᠣᠷᠣᠭᠤᠯᠵᠣ ᠪᠠᠶᠢᠷᠠᠯᠠᠭᠤᠯᠤᠭᠰᠠᠨ ᠨᠢ ᠣᠯᠠᠨ ᠲᠦᠮᠡᠨ ᠤ ᠲᠦᠷᠭᠡᠨ ᠬᠤᠭᠤᠯᠠ ᠣᠮᠳᠠᠭᠠᠨ ᠢ ᠡᠳ᠋ᠯᠡᠬᠦ ᠲᠡᠷᠢᠭᠦᠨ | ᠰᠣᠩᠭᠤᠯᠲᠠ ᠪᠣᠯᠣᠨ᠎ᠠ᠂ ᠠᠵᠢᠯ ᠳᠤ ᠶᠠᠪᠤᠬᠤ ᠵᠠᠮ ᠢᠶᠠᠷ ᠢᠶᠠᠨ ᠣᠷᠣᠵᠣ ᠭᠠᠷᠬᠤ ᠡᠰᠡᠭᠦᠯ᠎ᠡ ᠭᠠᠷᠠᠭ ᠤᠨ ᠰᠡᠭᠦᠯᠴᠢ ᠬᠤᠶᠠᠷ ᠭᠤᠷᠪᠠᠭᠤᠯᠠ ᠪᠠᠨ ᠨᠡᠶᠢᠯᠡᠨ ᠬᠠᠮᠲᠤ | ᠰᠡᠯᠡᠭᠦᠴᠡᠨ ᠵᠤᠭᠤᠭᠯᠠᠬᠤ᠂ ᠭᠠᠷᠠᠭ ᠤᠨ ᠳᠦᠷᠪᠡᠨ ᠤ ᠣᠨᠴᠠᠭᠠᠢ ᠢᠳᠡᠭᠡᠨ᠂ ᠪᠠᠰᠠ ᠪᠢᠴᠢᠬᠠᠨ ᠨᠤᠭᠤᠳ ᠤᠨ ᠲᠥᠬᠦᠷᠵᠢᠭᠰᠡᠨ ᠲᠣᠭᠯᠠᠭᠠᠮ ᠤᠨ ᠲᠥᠬᠦᠭᠡᠷᠦᠮᠵᠢ | ᠨᠦᠭᠦᠳ ᠨᠢ ᠬᠡᠷᠡᠭᠯᠡᠭᠴᠢᠳ ᠤᠨ ᠳᠤᠷ᠎ᠠ ᠰᠣᠨᠢᠷᠬᠠᠯ ᠪᠠ ᠪᠠᠭ᠋ᠠᠷᠬᠠᠯ ᠢ ᠶᠡᠬᠡᠳᠡ ᠲᠠᠲᠠᠵᠤ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠦᠷᠭᠦᠯᠵᠢᠯᠡᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ | ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠤᠯᠤᠰ ᠤᠨ ᠨᠠᠷᠠᠲᠤ ᠲᠡᠮᠳᠡᠭᠲᠦ ᠶᠢ ᠤᠷᠢᠵᠤ ᠣᠷᠣᠭᠤᠯᠵᠣ | ᠪᠠᠶᠢᠷᠢᠯᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠷᠣᠭᠤᠯᠵᠣ ᠰᠠᠭᠤᠯᠭᠠᠭᠰᠠᠨ ᠠᠵᠤ ᠠᠬᠤᠶᠢᠯᠠᠯ ᠳᠤ ᠨᠠᠩ ᠰᠢᠯᠢᠳᠡᠭ᠂ ᠨᠡᠩ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠨ᠎ᠠ᠃ |