ᠸᠠᠩ ᠵᠢᠶᠦ᠋ᠨ ᠠᠵᠢᠯ ᠠᠴᠠ ᠠᠮᠠᠷᠠᠭᠰᠠᠨ ᠪᠠᠭᠰᠢ ᠪᠣᠯᠣᠨ ᠰᠢᠯᠢᠳᠡᠭ ᠪᠠᠭᠰᠢ ᠶᠢᠨ ᠲᠥᠯᠥᠭᠡᠯᠡᠭᠴᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/9/11
       40 ᠳ᠋ᠣᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠪᠠᠭᠰᠢ ᠨᠠᠷ ᠢ ᠪᠣᠯᠭᠤᠭᠠᠨ ᠲᠣᠬᠤᠨᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ ᠥᠷᠭᠡᠨ ᠣᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃
20240911-2-1.jpg
       ᠸᠠᠩ ᠵᠢᠶᠦ᠋ᠨ ᠨᠠᠷ ᠰᠢᠯᠢᠳᠡᠭ ᠪᠠᠭᠰᠢ ᠵᠢᠶᠠᠩ ᠰᠢᠸ ᠶᠦᠨ ᠤ ᠭᠡᠷ ᠢᠶᠠᠷ ᠬᠦᠷᠴᠦ ᠲᠣᠬᠤᠨᠢᠭᠤᠯᠪᠠ᠂ ᠲᠡᠭᠦᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ  ᠤᠨ ᠲᠠᠯᠠᠷᠬᠠᠯ ᠢᠶᠠᠨ ᠳᠡᠪᠰᠢᠭᠦᠯᠵᠦ᠂ ᠲᠡᠭᠦᠨ ᠢ ᠠᠵᠢᠯ ᠤᠨ ᠪᠠᠶᠢᠷᠢ ᠳᠠᠭᠠᠨ ᠰᠠᠭᠤᠷᠢᠯᠠᠨ ᠵᠢᠱᠢᠶᠡᠴᠢ ᠪᠠᠷ ᠳᠠᠭᠠᠭᠤᠯᠤᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠲᠡᠷᠢᠭᠦᠨ ᠤ ᠰᠣᠶᠣᠯ ᠤᠨ ᠣᠶᠢᠯᠠᠭᠠᠭᠳᠠᠬᠤᠨ᠂ ᠵᠥᠪ ᠦᠷᠳᠡᠭ ᠤᠨ ᠦᠵᠡᠯᠲᠡ ᠪᠠᠷ ᠬᠡᠦᠬᠡᠳ ᠤᠨ ᠤᠶᠤᠨ ᠰᠠᠨᠠᠭ᠎ᠠ ᠶᠢ ᠬᠥᠮᠥᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ᠂ ᠲᠠᠯᠠᠷᠬᠠᠨ ᠲᠡᠮᠡᠴᠡᠬᠦ ᠬᠥᠮᠦᠵᠢᠯ ᠵᠡᠷᠭᠡ ᠲᠠᠯ᠎ᠠ ᠪᠠᠷ ᠬᠦᠴᠦ ᠣᠷᠣᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠬᠦᠴᠦᠷᠬᠡᠭ ᠤᠯᠤᠰ ᠤᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠢ  ᠬᠦᠮᠦᠵᠢᠬᠦᠯᠬᠦ ᠶᠢ ᠬᠦᠰᠡᠪᠡ᠃
20240911-2-2.jpg
       ᠠᠵᠢᠯ ᠠᠴᠠ ᠪᠠᠨ ᠠᠮᠠᠷᠠᠭᠰᠠᠨ ᠪᠠᠭᠰᠢ ᠰᠠᠷᠠᠨᠴᠢᠮᠡᠭ ᠤᠨ ᠭᠡᠷ ᠢᠶᠠᠷ ᠬᠦᠷᠴᠦ ᠲᠣᠬᠤᠨᠢᠭᠤᠯᠪᠠ᠂ ᠸᠠᠩ ᠵᠢᠶᠦ᠋ᠨ ᠰᠠᠷᠠᠨᠴᠢᠮᠡᠭ ᠪᠠᠭᠰᠢ ᠶᠢᠨ ᠪᠡᠶ᠎ᠡ ᠶᠢᠨ ᠡᠷᠡᠭᠦᠯ ᠴᠢᠬᠢᠷᠠᠭ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠭᠦᠨ ᠢ ᠦᠷᠭᠦᠯᠵᠢᠯᠡᠨ ᠨᠦᠯᠦᠭᠡ ᠵᠢᠳᠭᠦᠯ ᠢᠶᠠᠨ ᠪᠠᠳᠠᠷᠠᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ ᠢᠳᠡᠪᠬᠢᠲᠡᠢ ᠪᠠᠷ ᠠᠷᠭ᠎ᠠ  ᠪᠣᠳᠣᠯᠭ᠎ᠠ ᠪᠠᠨ ᠳᠡᠪᠰᠢᠭᠦᠯᠬᠦ ᠶᠢ ᠵᠣᠷᠢᠭᠵᠢᠭᠤᠯᠪᠠ᠃ ᠸᠠᠩ ᠵᠢᠶᠦ᠋ᠨ ᠴᠢᠬᠤᠯᠠᠴᠢᠯᠠᠬᠤ ᠳᠠᠭᠠᠨ᠂ ᠰᠤᠷᠭᠠᠨ ᠬᠥᠮᠦᠵᠢᠯ ᠪᠣᠯ ᠬᠤᠯᠠᠴᠢ ᠶᠢᠨ ᠶᠡᠭᠡ ᠲᠦᠯᠦᠪᠯᠡᠭᠡ ᠮᠥᠨ᠃ ᠪᠠᠭᠰᠢ ᠪᠣᠯ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠯᠭᠠᠭᠤᠷᠢ ᠬᠦᠴᠦᠨ ᠮᠥᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠨ ᠴᠢᠩᠭᠠᠳᠬᠠᠵᠤ᠂ ᠥᠷᠭᠡᠨ ᠣᠯᠠᠨ ᠪᠠᠭᠰᠢ ᠶᠢ ᠬᠠᠯᠠᠮᠵᠢᠯᠠᠨ ᠬᠠᠶᠢᠷᠠᠯᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠭᠰᠢ ᠶᠢᠨ ᠠᠮᠢᠳᠤᠷᠠᠯ ᠪᠠ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ ᠡᠵᠡᠮᠰᠢᠨ ᠰᠢᠢᠳᠪᠦᠷᠢᠯᠡᠵᠦ᠂ ᠪᠥᠬᠦ ᠨᠡᠶᠢᠭᠡᠮ ᠳᠤ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠠᠳᠠᠷᠠᠭᠤᠯᠤᠨ᠂ ᠥᠷᠭᠡᠨ ᠣᠯᠠᠨ ᠪᠠᠭᠰᠢ ᠵᠢᠭᠠᠨ ᠰᠤᠷᠭᠠᠬᠤ ᠠᠵᠢᠯ ᠳᠤ ᠪᠠᠨ ᠰᠡᠳᠭᠢᠯ ᠠᠯᠭᠠᠰᠠᠬᠤ ᠦᠭᠡᠢ ᠠᠮᠢᠳᠤᠷᠠᠯ ᠤᠨ ᠲᠠᠭᠠᠯᠠᠮᠵᠢ ᠶᠢ ᠪᠠᠲᠤᠯᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠭᠢᠯᠡᠭᠴᠢ ᠯᠢ ᠶᠠᠨ ᠯᠠᠢ ᠲᠣᠰ ᠤᠳᠠᠭᠠᠨ ᠤ ᠪᠣᠯᠭᠤᠭᠠᠨ ᠲᠣᠬᠤᠨᠢᠭᠤᠯᠤᠯ ᠳᠤ ᠣᠷᠣᠯᠴᠠᠪᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ