ᠪᠠᠶᠠᠨᠴᠠᠭᠠᠨ ᠰᠤᠮᠤ ᠭᠠᠴᠠᠭ᠎ᠠ ᠨᠡᠶᠢᠲᠡ ᠶᠢᠨ ᠠᠵᠤ ᠠᠬᠤᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠴᠠᠭᠠᠨ ᠰᠤᠳᠤᠯᠤᠯᠲᠠ ᠪᠠ ᠰᠤᠷᠤᠯᠴᠠᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/9/23
       ᠣᠶᠢᠷ᠎ᠠ ᠳᠤ᠂ ᠪᠠᠶᠠᠨᠴᠠᠭᠠᠨ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠣᠶᠤᠨᠳᠠᠰᠢ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠨᠡᠷ᠎ᠡ ᠳᠡᠪᠰᠢᠭᠦᠯᠦᠭᠰᠡᠨ ᠰᠤᠮᠤ ᠶᠢᠨ ᠳᠠᠷᠤᠭ᠎ᠠ ᠯᠢᠦ ᠴᠠᠩ ᠢᠶᠠᠷ ᠡᠯ᠎ᠡ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ ᠱᠦᠵᠢ᠂ ᠭᠠᠴᠠᠭᠠᠨ ᠤ ︽ᠬᠤᠶᠠᠷ ᠵᠥᠪᠯᠡᠯ︾᠂ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠳᠠᠭᠠᠭᠤᠯᠤᠨ ᠪᠠᠶᠠᠨᠲᠤᠬᠠᠢ ᠪᠠᠯᠭᠠᠰᠤᠨ ᠤ ᠪᠠᠶᠠᠨᠲᠤᠬᠠᠢ ᠭᠠᠴᠠᠭ᠎ᠠ ᠳᠤ ᠬᠦᠷᠴᠦ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠪᠠᠶᠢᠴᠠᠭᠠᠨ ᠰᠤᠳᠤᠯᠵᠤ ᠰᠣᠷᠣᠯᠴᠠᠪᠠ᠃
20240923-1-1.png
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠠᠶᠢᠷ ᠬᠤᠷᠰᠢᠶ᠎ᠠ ᠶᠢᠨ ᠲᠥᠪᠯᠡᠷᠡᠭᠦᠯᠦᠨ ᠪᠣᠷᠳᠣᠬᠤ ᠬᠠᠰᠢᠶ᠎ᠠ ᠰᠠᠷᠠᠪᠴᠢ᠂ ᠬᠤᠯᠢᠮᠠᠭ ᠲᠡᠵᠢᠭᠡᠯᠲᠦ ᠪᠤᠷᠳᠣᠭᠤᠷ ᠤᠨ ᠦᠢᠯᠡᠳᠪᠦᠷᠢᠯᠡᠯ ᠤᠨ ᠲᠠᠰᠤᠭ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠭᠰᠠᠨ ᠪᠥᠭᠡᠳ ᠮᠧᠩ ᠶᠤᠸᠠᠨ ᠺᠣᠮᠫᠠᠨᠢ ᠶᠢᠨ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠵᠦ᠂ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠵᠢᠴᠢ ᠬᠠᠰᠢᠶᠠᠯᠠᠨ ᠲᠡᠵᠢᠭᠡᠬᠦ ᠮᠠᠯ ᠤᠨ ᠠᠵᠢᠯᠯᠠᠭᠠᠨ ᠤ ᠵᠠᠭᠪᠤᠷ ᠢ ᠨᠠᠷᠢᠨ ᠣᠶᠢᠯᠠᠭᠠᠪᠠ᠃ ᠬᠠᠮᠲᠤ ᠶᠢᠨ ᠠᠵᠤ ᠠᠬᠤᠢ ᠶᠢᠨ ᠠᠵᠢᠯᠯᠠᠭᠠᠨ ᠤ ᠶᠠᠪᠤᠴᠠ ᠳᠤ ᠡᠯ᠎ᠡ ᠭᠠᠴᠠᠭ᠎ᠠ ᠳᠤ ᠲᠤᠯᠭᠠᠷᠠᠭᠰᠠᠨ ᠠᠰᠠᠭᠤᠳᠠᠯ᠂ ᠣᠷᠣᠰᠢᠵᠤ ᠪᠠᠶᠢᠭ᠎ᠠ ᠬᠦᠴᠢᠷᠳᠡᠯ ᠳᠤ ᠴᠢᠭᠯᠡᠭᠦᠯᠦᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠧᠩ ᠶᠤᠸᠠᠨ ᠺᠣᠮᠫᠠᠨᠢ ᠶᠢᠨ ᠬᠤᠷᠠᠯ ᠳᠤ ᠣᠷᠣᠯᠴᠠᠭᠰᠠᠳ ᠲᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠮᠠᠰᠢ ᠣᠯᠠᠨ ᠠᠰᠢᠭᠲᠠᠢ ᠰᠠᠨᠠᠯ ᠰᠠᠨᠠᠭᠤᠯᠭ᠎ᠠ ᠣᠯᠣᠭᠰᠠᠨ ᠪᠠᠶᠢᠨ᠎ᠠ᠃
20240923-1-2.png
       ᠭᠠᠴᠠᠭ᠎ᠠ ᠨᠡᠶᠢᠲᠡ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠣᠨ᠎ᠠ᠃ ᠲᠠᠷᠠᠭᠠᠴᠢ ᠶᠢᠨ ᠠᠵᠢᠯ ᠤᠨ ᠳᠤᠮᠳᠠ᠂ ᠪᠠᠶᠠᠨᠴᠠᠭᠠᠨ ᠰᠤᠮᠤ ᠪᠠᠶᠢᠴᠠᠭᠠᠨ ᠰᠤᠳᠤᠯᠵᠤ ᠡᠵᠡᠮᠰᠢᠭᠰᠡᠨ ᠪᠠᠶᠢᠳᠠᠯ ᠢᠶᠠᠨ ᠦᠨᠳᠦᠰᠦᠯᠡᠨ ᠬᠠᠨᠳᠤᠯᠭ᠎ᠠ ᠲᠠᠢ ᠪᠠᠷ ᠬᠦᠴᠦᠯᠡᠨ ᠴᠢᠷᠮᠠᠶᠢᠵᠤ᠂ ᠰᠢᠨ᠎ᠡ ᠰᠡᠳᠭᠢᠮᠵᠢ ᠪᠠᠨ ᠲᠠᠰᠤᠷᠠᠯᠲᠠ ᠦᠭᠡᠢ ᠲᠡᠯᠡᠵᠦ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ ᠬᠥᠭᠵᠢᠭᠦᠯᠵᠦ᠂ ᠭᠠᠴᠠᠭ᠎ᠠ ᠨᠡᠶᠢᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ