ᠮᠠᠰᠢᠨ ᠲᠡᠷᠭᠡᠨ ᠤ ᠠᠵᠢᠯ ᠲᠥᠷᠥᠯ ᠤᠨ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 15 ᠤ ᠡᠳᠦᠷ ᠠᠴᠠ 17 ᠤ | ᠡᠳᠦᠷ ᠪᠣᠯᠲᠠᠯ᠎ᠠ᠂ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠡᠳᠦᠷᠯᠢᠭ᠂ ᠬᠥᠯᠥᠨ ᠪᠤᠶᠢᠷ ᠤᠨ ᠠᠷᠠᠳ ᠲᠤ ᠠᠰᠢᠭ ᠬᠦᠷᠲᠡᠭᠡᠬᠦ ᠮᠠᠰᠢᠨ ᠲᠡᠷᠭᠡᠨ ᠤ ᠦᠵᠡᠭᠦᠯᠦᠯᠭᠡ︾ | ᠬᠥᠯᠥᠨ ᠪᠤᠶᠢᠷ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠪᠠ᠂ ᠲᠣᠰ ᠤᠳᠠᠭᠠᠨ ᠤ ᠮᠠᠰᠢᠨ ᠲᠡᠷᠭᠡᠨ ᠤ ᠦᠵᠡᠭᠦᠯᠦᠯᠭᠡ ᠶᠢ ᠬᠥᠯᠥᠨ ᠪᠤᠶᠢᠷ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠢᠭᠡᠳ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠠᠴᠠ ᠵᠢᠯᠤᠭᠤᠳᠴᠤ᠂ ᠬᠥᠯᠥᠨ ᠪᠤᠶᠢᠷ ᠤᠨ ᠶᠢᠦ ᠲᠦ᠋ ᠵᠠᠭᠤᠴᠢᠯᠠᠭᠤᠷ ᠤᠨ ᠺᠣᠮᠫᠠᠨᠢ ᠠᠴᠠ ᠭᠤᠣᠯᠯᠠᠨ ᠡᠷᠭᠢᠯᠡᠵᠦ᠂ ᠬᠥᠯᠥᠨ ᠪᠤᠶᠢᠷ ᠤᠨ ᠢᠹᠧᠩ ᠮᠠᠰᠢᠨ ᠲᠡᠷᠭᠡᠨ ᠤ | ᠪᠦᠯᠦᠭᠯᠡᠯ ᠬᠠᠮᠵᠢᠯᠴᠠᠨ ᠡᠷᠭᠢᠯᠡᠵᠦ᠂ 28 ᠨᠠᠷᠠᠲᠤ ᠲᠡᠮᠳᠡᠭᠲᠦ 140 ᠰᠢᠨ᠎ᠡ ᠮᠠᠰᠢᠨ ᠲᠡᠷᠭᠡᠨ ᠤ ᠦᠵᠡᠭᠦᠯᠦᠯᠭᠡ 3 ᠡᠳᠦᠷ ᠶᠠᠪᠤᠭᠳᠠᠵᠤ᠂ ᠨᠡᠶᠢᠲᠡ 176 ᠮᠠᠰᠢᠨ | ᠬᠤᠳᠠᠯᠳᠣᠵᠣ ᠂ ᠪᠣᠷᠤᠯᠠᠭᠤᠯᠭ᠎ᠠ ᠶᠢᠨ ᠮᠦᠩᠭᠦ ᠨᠢ 2100 ᠭᠠᠷᠤᠢ ᠲᠦᠮᠡᠨ ᠲᠥᠭᠦᠷᠢᠭ ᠲᠤ ᠬᠦᠷᠴᠡᠢ᠃ | ᠮᠠᠰᠢᠨ ᠲᠡᠷᠭᠡᠨ ᠤ ᠦᠵᠡᠭᠦᠯᠦᠯᠭᠡ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ | ᠵᠢᠷᠭᠤᠭᠠᠨ ᠰᠠᠯᠠᠭ᠎ᠠ ᠮᠥᠴᠢᠷ ᠤᠨ ᠪᠠᠭᠤᠯᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ | ᠰᠣᠯᠢᠬᠤ ᠬᠡᠷᠡᠭᠵᠢᠭᠦᠯᠬᠦ ᠨᠠᠷᠢᠨ ᠳᠦᠷᠢᠮ︾ ᠢ ᠢᠳᠡᠪᠬᠢᠲᠡᠢ ᠤᠬᠠᠭᠤᠯᠵᠤ᠂ ᠬᠡᠷᠡᠭᠯᠡᠭᠡᠨ ᠠᠴᠠ ᠭᠠᠷᠭᠠᠬᠤ ᠨᠥᠬᠦᠪᠦᠷᠢ ᠪᠠ ᠰᠣᠯᠢᠬᠤ ᠨᠥᠬᠦᠪᠦᠷᠢ ᠶᠢᠨ ᠬᠤᠣᠰ ᠠᠷᠭ᠎ᠠ | ᠪᠣᠳᠣᠯᠭ᠎ᠠ ᠶᠢ ᠵᠡᠷᠭᠡ ᠪᠠᠷ ᠬᠡᠷᠡᠭᠵᠢᠭᠦᠯᠵᠦ᠂ ᠲᠡᠷᠭᠡ ᠠᠪᠤᠭᠴᠢᠳ ᠲᠤ ᠵᠣᠭᠤᠰ ᠠᠷᠪᠢᠯᠠᠵᠤ ᠥᠭᠪᠡ᠂ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠳ | ᠬᠠᠮᠤᠭ ᠤᠨ ᠬᠠᠷᠠᠭᠠᠯᠵᠠᠯᠲᠤ ᠦᠨ᠎ᠡ ᠪᠠ ᠥᠪᠡᠷᠮᠢᠴᠡ ᠢᠵᠢ ᠪᠦᠷᠢᠳᠦᠭᠰᠡᠨ ᠦᠢᠯᠡᠴᠢᠯᠡᠭᠡ ᠬᠠᠩᠭᠠᠵᠣ᠂ ᠲᠤᠬᠠᠢ ᠶᠢᠨ ᠲᠠᠯᠠᠪᠤᠷ ᠲᠤ ᠮᠠᠰᠢᠨ ᠲᠡᠷᠭᠡ ᠬᠤᠳᠠᠯᠳᠤᠨ | ᠠᠪᠬᠤ ᠳᠤ ᠲᠡᠷᠭᠡ ᠪᠦᠷᠢ 500 ︱ 5000 ᠲᠥᠭᠦᠷᠢᠭ ᠬᠢᠮᠳᠠᠷᠠᠭᠤᠯᠵᠤ᠂ ᠬᠤᠲᠠ ᠶᠢᠨ ᠠᠷᠠᠳ ᠤᠨ ᠮᠠᠰᠢᠨ ᠲᠡᠷᠭᠡ ᠬᠤᠳᠠᠯᠳᠤᠨ ᠠᠪᠬᠤ ᠬᠠᠯᠠᠭᠤᠨ | ᠰᠡᠳᠬᠢᠯᠭᠡ ᠶᠢ ᠤᠯᠠᠮ ᠨᠢᠭᠡ ᠠᠯᠬᠤᠮ ᠢᠳᠡᠪᠬᠢᠵᠢᠭᠦᠯᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠰᠢᠨ ᠲᠡᠷᠭᠡ ᠡᠵᠡᠩᠨᠡᠨ | ᠪᠣᠷᠣᠯᠠᠭᠤᠯᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠣᠯᠠᠨ ᠶᠠᠩᠵᠤ ᠶᠢᠨ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠢᠵᠦ᠂ | ᠬᠡᠷᠡᠭᠯᠡᠭᠴᠢᠳ ᠲᠤ ᠪᠣᠳᠠᠲᠤ ᠠᠰᠢᠭ ᠬᠦᠷᠲᠡᠭᠡᠵᠦ᠂ ᠮᠠᠰᠢᠨ ᠲᠡᠷᠭᠡᠨ ᠤ ᠠᠵᠢᠯ ᠲᠥᠷᠥᠯ ᠤᠨ ᠬᠡᠷᠡᠭᠯᠡᠭᠡ ᠶᠢ ᠦᠷᠭᠦᠯᠵᠢᠯᠡᠨ ᠠᠬᠢᠭᠤᠯᠤᠨ᠎ᠠ᠃ | | | | |