ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠡᠭᠡᠳᠦ ᠱᠠᠲᠤᠨ ᠤ ᠣᠶ ᠰᠢᠭᠤᠢ ᠨᠤᠲᠤᠭ | ᠪᠡᠯᠴᠢᠭᠡᠷ ᠤᠨ ᠰᠠᠯᠠᠭ᠎ᠠ ᠮᠥᠴᠢᠷ ᠵᠢᠴᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 2024 ᠣᠨ ᠤ ᠨᠠᠮᠤᠷ ᠡᠪᠦᠯ ᠤᠨ ᠤᠯᠠᠷᠢᠯ ᠤᠨ ᠣᠶ | ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 9 | ᠰᠠᠷ᠎ᠠ ᠶᠢᠨ 18 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ 2024 | ᠣᠨ ᠤ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠬᠤᠷᠠᠯ ᠬᠤᠷᠠᠯᠳᠤᠭᠤᠯᠪᠠ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ | ᠳᠠᠷᠤᠭ᠎ᠠ ᠳᠠᠷᠣᠣ ᠬᠤᠷᠠᠯ ᠡᠷᠭᠢᠯᠡᠵᠦ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠠᠯᠮᠠᠳ ᠠᠵᠢᠯ ᠤᠨ ᠪᠠᠶᠢᠷᠢᠯᠠᠭᠤᠯᠤᠯᠲᠠ | ᠬᠢᠪᠡ᠃ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠲᠣᠪᠴᠢᠶ᠎ᠠ ᠶᠢᠨ ᠬᠠᠷᠢᠶᠠᠲᠣ ᠡᠯ᠎ᠡ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ | ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2024 ᠣᠨ ᠤ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠠᠢ᠃ | | | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ᠂ ᠰᠠᠯᠠᠭ᠎ᠠ ᠲᠠᠰᠤᠭ ᠤᠨ ᠬᠢᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠡᠯ᠎ᠡ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠡᠯ᠎ᠡ ᠵᠠᠩᠭᠢᠯᠠᠭ᠎ᠠ ᠶᠢᠨ ᠠᠵᠢᠯ ᠳᠡᠭᠡᠲᠦ | ᠲᠤᠰᠢᠶᠠᠯ ᠳᠤ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠨᠢᠭᠡᠴᠡ ᠶᠢᠨ ᠭᠤᠣᠯ ᠤᠳᠤᠷᠢᠳᠤᠯᠭ᠎ᠠ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠡᠭᠦᠷᠭᠡᠯᠡᠵᠦ᠂ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠨ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠰᠢᠭᠤᠳ | ᠬᠠᠷᠢᠭᠤᠴᠠᠨ᠂ ᠡᠷᠬᠡᠪᠰᠢ ᠪᠣᠳᠠᠲᠠᠢ ᠪᠠᠷ ᠠᠳᠬᠤᠬᠤ᠂ ᠪᠣᠳᠠᠲᠠᠢ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠣᠬᠠᠮᠰᠠᠷ ᠢᠶᠠᠷ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠡᠳᠦᠷ ᠠᠴᠠ ᠡᠬᠢᠯᠡᠨ᠂ ᠡᠯ᠎ᠡ ᠨᠢᠭᠡᠴᠡ ᠶᠢᠨ ᠬᠢᠨ ᠳᠣᠲᠣᠭᠠᠳᠤ ᠶᠢᠨ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠭᠡᠮ ᠰᠣᠭᠤᠭ ᠤᠨ ᠨᠠᠷᠢᠨ ᠳᠠᠩᠰᠠ ᠪᠣᠯᠣᠨ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ | ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠲᠣᠭᠲᠠᠭᠰᠠᠨ ᠬᠤᠭᠤᠴᠠᠭᠠᠨ ᠳᠤ ᠲᠡᠷᠡ ᠳᠠᠷᠤᠢ ᠳᠤᠨᠢ ᠬᠡᠷᠡᠭᠵᠢᠭᠦᠯᠬᠦ ᠪᠠ | ᠥᠭᠡᠷᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠷᠠᠭᠤᠯᠵᠤ᠂ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠤᠨ᠂ | ᠨᠡᠶᠢᠭᠡᠮᠴᠢᠯᠡᠭᠰᠡᠨ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠢ᠃ ᠵᠢᠵᠢᠭᠦᠷ ᠲᠣᠬᠢᠷᠠᠭᠤᠯᠤᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠳᠤᠷᠢᠳᠤᠯᠭ᠎ᠠ ᠶᠢᠨ ᠡᠭᠡᠯᠵᠢ ᠵᠢᠵᠢᠭᠦᠷ ᠪᠠ 24 ᠴᠠᠭ ᠢᠶᠠᠷ | ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠲᠡᠷᠡ ᠳᠠᠷᠣᠢ ᠮᠡᠳᠡᠭᠦᠯᠦᠨ ᠰᠢᠢᠳᠪᠦᠷᠢᠯᠡᠬᠦ ᠲᠠᠰ | ᠳᠠᠷᠠᠭᠠᠯᠠᠯ ᠢ ᠵᠢᠷᠤᠮᠵᠢᠭᠤᠯᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠪᠠᠲᠤᠯᠠᠵᠤ᠂ ᠭᠠᠯ ᠤᠨ ᠪᠠᠶᠢᠳᠠᠯ ᠭᠠᠯ ᠤᠨ ᠮᠡᠳᠡᠭᠡ ᠶᠢ ᠡᠷᠲᠡᠬᠡᠨ ᠣᠯᠵᠤ ᠮᠡᠳᠡᠬᠦ᠂ ᠴᠠᠭ | ᠲᠤᠬᠠᠢ ᠳᠤᠨᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | ᠬᠤᠷᠠᠯ ᠤᠨ ᠵᠣᠷᠢᠭ ᠰᠠᠨᠠᠭ᠎ᠠ ᠶᠣᠰᠣᠭᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ 2024 ᠣᠨ ᠤ ᠨᠠᠮᠤᠷ ᠡᠪᠦᠯ ᠤᠨ | ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ | ᠪᠥᠬᠦ ᠬᠤᠰᠢᠭᠤᠨ ᠤ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠲᠦᠯᠦᠭᠡ ᠭᠠᠯ ᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠪᠠᠬᠢᠵᠢᠭᠦᠯᠦᠨ᠎ᠡ᠃ |