︽ᠬᠦᠴᠦ ᠬᠠᠮᠳᠣᠷᠠᠨ ᠬᠠᠮᠠᠭᠠᠯᠠᠵᠤ ᠰᠡᠳᠬᠢᠯ ᠨᠢᠭᠡᠲᠡᠢ ᠪᠠᠶᠢᠭᠤᠯᠬᠤ︾ ᠠᠩᠬᠠᠳᠤᠭᠠᠷ ᠬᠤᠭᠤᠴᠠᠭᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠤᠷᠰᠢᠯᠭ᠎ᠠ ᠰᠣᠯᠢᠯᠴᠠᠬᠤ ᠨᠦᠬᠦᠷᠰᠡᠭ ᠠᠭᠤᠯᠵᠠᠯᠲᠠ ᠤᠷᠤᠭᠰᠢᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/9/26
       ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠠᠨ ᠪᠠᠶᠠᠷᠯᠠᠨ ᠤᠭᠲᠤᠬᠤ ᠶᠢᠨ ᠲᠥᠯᠥᠭᠡ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮᠠᠭᠠᠯᠠᠯᠲᠠ ᠶᠢᠨ ᠣᠷᠣᠨ ᠤ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠠᠵᠢᠯ ᠢ ᠴᠢᠨᠠᠭᠰᠢᠳᠠ ᠬᠦᠭᠵᠢᠭᠦᠯᠦᠨ᠂ ᠲᠣᠬᠤᠢ ᠤᠯᠤᠰ ᠤᠨ ᠨᠤᠭᠤ ᠭᠠᠵᠠᠷ ᠤᠨ ᠴᠡᠴᠡᠷᠯᠢᠭ ᠪᠣᠯᠣᠨ ᠥᠪᠥᠷ ᠮᠣᠩᠭᠤᠯ ᠤᠨ ᠬᠤᠢ ᠭᠤᠣᠯ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 9 ᠰᠠᠷ᠎ᠠ ᠶᠢᠨ 23  ᠤ ᠡᠳᠦᠷ᠂  ᠲᠣᠬᠤᠢ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ︽ᠬᠦᠴᠦ ᠬᠠᠮᠳᠣᠷᠠᠨ ᠬᠠᠮᠠᠭᠠᠯᠠᠵᠤ ᠰᠡᠳᠬᠢᠯ ᠨᠢᠭᠡᠲᠡᠢ ᠪᠠᠶᠢᠭᠤᠯᠬᠤ︾ ᠠᠩᠬᠠᠳᠤᠭᠠᠷ ᠬᠤᠭᠤᠴᠠᠭᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠤᠷᠰᠢᠯᠭ᠎ᠠ ᠰᠣᠯᠢᠯᠴᠠᠬᠤ ᠨᠦᠬᠦᠷᠰᠡᠭ ᠠᠭᠤᠯᠵᠠᠯᠲᠠ ᠪᠣᠯᠪᠠ᠃       ᠬᠤᠶᠠᠷ ᠨᠢᠭᠡᠴᠡ ᠶᠢᠨ ᠤᠳᠤᠷᠢᠳᠬᠤ ᠪᠠᠭ᠂ ᠺᠠᠳ᠋ᠷ ᠠᠵᠢᠯᠲᠠᠨ ᠠᠵᠢᠯᠴᠢᠨ ᠨᠢᠭᠡ ᠲᠠᠩᠬᠢᠮ ᠳᠤ ᠴᠤᠭᠯᠠᠷᠠᠵᠤ᠂ ᠰᠣᠯᠢᠯᠴᠠᠭᠠᠨ ᠤ ᠨᠦᠬᠦᠷᠰᠡᠭ ᠠᠭᠤᠯᠵᠠᠯᠲᠠ ᠳᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠶᠡᠭᠡ ᠮᠥᠷᠥᠶᠢᠴᠡᠭᠡᠨ᠂ ᠲᠤᠷᠰᠢᠯᠭ᠎ᠠ ᠶᠢᠨ ᠰᠣᠯᠢᠯᠴᠠᠭᠠᠨ ᠤ ᠭᠡᠷᠡᠯ ᠵᠢᠷᠤᠭ ᠤᠨ ᠦᠵᠡᠭᠦᠯᠦᠯᠭᠡ ᠵᠡᠷᠭᠡ ᠶᠢ ᠲᠣᠬᠢᠷᠠᠭᠤᠯᠵᠤ᠂ ᠬᠤᠷᠠᠯ ᠳᠤ ᠣᠷᠣᠯᠴᠠᠭᠰᠠᠨ ᠬᠤᠶᠠᠷ ᠲᠠᠯ᠎ᠠ ᠪᠠᠷ ᠢᠶᠠᠨ ᠢᠳᠡᠪᠬᠢᠲᠡᠢ ᠪᠠᠷ ᠰᠠᠨᠠᠯ ᠢᠶᠠᠨ  ᠰᠤᠯᠢᠯᠴᠠᠨ ᠬᠦᠭᠵᠢᠶᠡᠨ  ᠲᠠᠢ ᠶᠠᠷᠢᠯᠴᠠᠪᠠ᠃       ᠲᠣᠰ ᠤᠳᠠᠭᠠᠨ ᠤ ᠲᠤᠷᠰᠢᠯᠭ᠎ᠠ ᠰᠣᠯᠢᠯᠴᠠᠬᠤ ᠨᠥᠬᠦᠷᠯᠡᠯ ᠤᠨ ᠬᠤᠷᠠᠯ ᠨᠢ ᠬᠤᠶᠠᠷ ᠬᠠᠮᠠᠭᠠᠯᠠᠯᠲᠠ ᠶᠢᠨ ᠣᠷᠣᠨ ᠳᠤ ᠨᠢᠭᠡᠨ ᠡᠷᠬᠢᠮ ᠨᠠᠨᠳᠢᠨ ᠰᠣᠯᠢᠯᠴᠠᠭᠠᠨ ᠤ ᠲᠠᠪᠴᠠᠩ ᠬᠠᠩᠭᠠᠵᠤ᠂ ᠬᠤᠶᠠᠷ ᠲᠠᠯ᠎ᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠠᠵᠢᠯ ᠤᠨ ᠳᠤᠮᠳᠠᠬᠢ ᠬᠠᠷᠢᠯᠴᠠᠨ ᠰᠤᠷᠤᠯᠴᠠᠬᠤ ᠪᠠ ᠬᠠᠮᠲᠤᠷᠠᠨ ᠠᠵᠢᠯᠯᠠᠭ᠎ᠠ ᠶᠢ ᠠᠬᠢᠭᠤᠯᠤᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ  ᠨᠦᠬᠦᠷᠰᠡᠭ ᠠᠭᠤᠯᠵᠠᠯᠲᠠ ᠪᠠᠷ ᠠᠵᠠ ᠲᠣᠬᠢᠶᠠᠯ ᠪᠣᠯᠭᠠᠵᠤ᠂ ᠬᠠᠷᠢᠯᠴᠠᠭ᠎ᠠ  ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠪᠠᠷ ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
20240926-1-1.png
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ