ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠬᠤ ᠲᠠᠶᠢᠯᠤᠨ ᠬᠢᠪᠡ
ᠨᠡᠶᠢᠲᠡᠯᠡᠭᠰᠡᠨ ᠴᠠᠭ᠄
2024/9/26
       9 ᠰᠠᠷ᠎ᠠ ᠶᠢᠨ 23 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠬᠤ ᠲᠠᠶᠢᠯᠤᠨ ᠬᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃
20240926-2-1.png
       ᠣᠬᠠᠭᠤᠯᠬᠤ ᠲᠠᠶᠢᠯᠤᠨ ᠬᠢᠬᠦ ᠬᠤᠷᠠᠯ ᠳᠡᠭᠡᠷ᠎ᠡ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠳᠡᠳ᠋ ᠱᠦᠵᠢ ᠰᠣ᠋ ᠯᠢ ᠰᠢᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠪᠦᠭᠦᠳᠡ ᠬᠤᠷᠠᠯ ᠤᠨ ︽ᠲᠣᠭᠲᠠᠭᠠᠯ︾ ᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ  ᠴᠠᠭ ᠢ ᠲᠠᠭᠠᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ︾ ᠭᠡᠬᠦ ᠰᠡᠳᠦᠪ ᠢᠶᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠭᠤᠣᠯ ᠰᠡᠳᠦᠪ᠂ ᠣᠯᠣᠭᠰᠠᠨ ᠭᠤᠣᠯ ᠦᠷ᠎ᠡ ᠪᠦᠲᠦᠭᠡᠯ ᠭᠡᠬᠦ ᠬᠤᠶᠠᠷ ᠲᠠᠯ᠎ᠠ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠭᠦᠨ ᠭᠦᠨᠵᠡᠭᠡᠢ ᠠᠭᠤᠯᠤᠭᠳᠠᠬᠤᠨ ᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠵᠢᠴᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠳᠤᠷᠠᠳᠤᠭᠰᠠᠨ ᠱᠠᠭᠠᠷᠳᠠᠯᠭ᠎ᠠ ᠭᠡᠬᠦ ᠬᠤᠶᠠᠷ ᠲᠠᠯ᠎ᠠ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠴᠠ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠨ ᠨᠥᠬᠦᠳ᠂ ᠢᠯᠡᠳᠬᠡᠯ ᠤᠨ ᠭᠤᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ ᠪᠠᠶᠢᠵᠤ᠂ ᠪᠢᠳᠡᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠣᠶᠢᠯᠠᠭᠠᠬᠤ ᠳᠤ ᠴᠢᠩᠭ᠎ᠠ ᠬᠦᠴᠦᠲᠡᠢ ᠵᠢᠯᠣᠭᠤᠳᠤᠯᠭ᠎ᠠ ᠪᠠ ᠬᠠᠪᠰᠤᠷᠤᠯᠭ᠎ᠠ ᠬᠠᠩᠭᠠᠵᠠᠢ ᠭᠡᠵᠦ ᠢᠯᠡᠳᠬᠡᠵᠡᠭᠡᠪᠡ᠃       ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ᠂ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠂ ᠤᠢ ᠰᠢᠭᠤᠢ ᠨᠣᠳᠤᠭ ᠪᠡᠯᠴᠢᠭᠡᠷ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠪᠦᠬᠦ ᠲᠠᠯ᠎ᠠ ᠪᠠᠷ ᠰᠢᠰᠲ᠋ᠧᠮ ᠲᠠᠢ ᠪᠦᠭᠡᠳ ᠭᠦᠨᠵᠡᠭᠡᠢ ᠰᠤᠷᠤᠯᠴᠠᠬᠤ ᠶᠢ ᠦᠷᠭᠦᠯᠵᠢᠯᠡᠨ ᠠᠬᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠪᠦᠬᠦᠳᠠ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ  ᠲᠦᠪᠯᠡᠷᠡᠭᠦᠯᠵᠦ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠢ ᠰᠢᠭᠤᠢ  ᠨᠣᠳᠤᠭ ᠪᠡᠯᠴᠢᠭᠡᠷ ᠤᠨ ᠰᠢᠰᠲ᠋ᠧᠮ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃       ᠬᠤᠷᠠᠯ ᠠᠴᠠ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠲᠠᠰᠢᠷᠠᠮ ᠢᠶᠠᠷ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ᠃ ᠨᠢᠭᠡ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯ ᠪᠣᠳᠣᠯ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠥᠭᠡᠷᠡᠴᠢᠯᠡᠯᠲᠡ ᠶᠢᠨ ᠤᠬᠠᠭᠠᠨ ᠢ ᠭᠦᠨᠵᠡᠭᠡᠢ ᠣᠶᠢᠯᠠᠭᠠᠬᠤ ᠬᠡᠷᠡᠭᠲᠡᠢ᠃ ᠬᠤᠶᠠᠷ ᠲᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠢ ᠰᠢᠭᠤᠢ ᠨᠣᠳᠤᠭ ᠪᠡᠯᠴᠢᠭᠡᠷ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠠᠮᠢᠳᠣᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠰᠣᠷᠣᠭᠰᠠᠨ ᠢᠶᠠᠨ ᠬᠡᠷᠡᠭᠯᠡᠬᠦ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠬᠤ ᠬᠠᠯᠠᠭᠤᠨ ᠰᠡᠳᠬᠢᠯᠭᠡ ᠪᠠ ᠦᠷ᠎ᠡ ᠠᠰᠢᠭ  ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ ᠪᠠ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠶᠢᠨ ᠰᠢᠯᠵᠢᠰᠢ ᠦᠭᠡᠢ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ