9 ᠰᠠᠷ᠎ᠠ ᠶᠢᠨ 20 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠭᠤᠷᠪᠠᠳᠤᠭᠠᠷ ᠤᠳᠠᠭᠠᠨ ᠤ ᠤᠯᠤᠰ ᠲᠠᠭᠠᠨ ᠪᠤᠴᠠᠵᠤ | ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠸᠠᠢ ᠫᠢᠩ ᠬᠤᠷᠠᠯ ᠳᠤ ᠣᠷᠣᠯᠴᠠᠵᠤ᠂ ᠬᠥᠯᠥᠨ ᠪᠤᠶᠢᠷ ᠬᠤᠲᠠ ᠶᠢᠨ ᠬᠠᠷᠢᠶᠠᠲᠤ | ᠨᠠᠷ ᠤᠨ ᠬᠤᠯᠪᠣᠭ᠎ᠠ ᠶᠢᠨ ᠪᠠᠶᠢᠭᠤᠯᠤᠯᠭ᠎ᠠ ᠶᠢᠨ ᠡᠷᠬᠢᠯᠡᠭᠴᠢ ᠰᠠᠴᠣᠷᠠᠯ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | | | | ᠬᠤᠷᠠᠯ ᠠᠴᠠ ᠥᠩᠭᠡᠷᠡᠭᠰᠡᠨ ᠲᠠᠪᠤᠨ ᠵᠢᠯ ᠤᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ | ᠠᠵᠢᠯ ᠢ ᠡᠷᠭᠢᠴᠡᠭᠦᠯᠦᠨ ᠳ᠋ᠦᠩᠨᠡᠭᠰᠡᠨ ᠪᠥᠭᠡᠳ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠭᠢᠮᠵᠢ ᠪᠠᠨ ᠲᠣᠭᠲᠠᠭᠠᠭᠰᠠᠨ ᠪᠠᠶᠢᠨ᠎ᠠ᠃ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠠᠷᠢᠶᠠᠲᠤ ᠨᠠᠷ ᠤᠨ ᠬᠤᠯᠪᠣᠭᠠᠨ ᠤ ᠭᠤᠷᠪᠠᠳᠤᠭᠠᠷ ᠬᠤᠭᠤᠴᠠᠭᠠᠨ ᠤ ᠺᠣᠮᠢᠰ ᠤᠨ ᠭᠡᠰᠢᠭᠦᠨ 17 ᠬᠥᠮᠥᠨ ᠢ | ᠰᠣᠩᠭᠤᠨ ᠭᠠᠷᠭᠠᠭᠰᠠᠨ ᠪᠦᠭᠡᠳ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃ ᠸᠠᠩ | ᠰᠢᠤᠸᠠᠢ ᠯᠢᠶᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠭᠤᠷᠪᠠᠳᠤᠭᠠᠷ ᠬᠤᠭᠤᠴᠠᠭᠠᠨ ᠤ | ᠵᠥᠪᠯᠡᠯ ᠤᠨ ᠲᠡᠷᠢᠭᠦᠯᠡᠭᠴᠢ ᠪᠠᠷ ᠰᠣᠩᠭᠤᠭᠳᠠᠪᠠ᠃ | | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠸᠠᠢ ᠫᠢᠩ ᠳᠤᠮᠳᠠᠳᠤ ᠶᠢᠨ | ᠬᠠᠷᠢᠶᠠᠲᠤ ᠨᠠᠷ ᠤᠨ ᠬᠢᠨ ᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠬᠦ ᠶᠢ ᠬᠦᠰᠡᠪᠡ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ | ᠬᠠᠷᠢᠶᠠᠲᠤ ᠨᠠᠷ ᠤᠨ ᠭᠡᠷ ᠪᠦᠯᠢ ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠢ ᠪᠦᠯᠬᠦᠮᠳᠡᠭᠦᠯᠦᠨ ᠨᠢᠭᠲᠠᠷᠠᠭᠤᠯᠵᠤ᠂ ᠰᠢᠨ᠎ᠡ ᠴᠠᠭ ᠦᠶ᠎ᠡ ᠳᠤ | ᠵᠢᠳᠭᠦᠯ ᠦᠵᠡᠭᠦᠯᠦᠨ᠂ ᠰᠢᠨ᠎ᠡ ᠴᠤᠭ ᠵᠢᠪᠬᠤᠭ᠎ᠠ ᠲᠠᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠥᠪᠥᠷ ᠮᠣᠩᠭᠤᠯ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠲᠠᠬᠢᠨ ᠰᠢᠨ᠎ᠡ ᠳᠡᠭᠲᠡᠷ ᠲᠤ ᠬᠦᠷᠭᠡᠨ ᠠᠬᠢᠭᠤᠯᠬᠤ ᠳᠤ ᠳᠤᠮᠳᠠᠳᠤ ᠶᠢᠨ ᠬᠠᠷᠢᠶᠠᠲᠤ ᠨᠠᠷ ᠤᠨ ᠬᠢᠨ ᠬᠦᠴᠦᠨ ᠴᠢᠳᠠᠯ ᠢᠶᠠᠨ | ᠨᠡᠮᠡᠷᠢᠯᠡᠬᠦ ᠶᠢ ᠬᠦᠰᠡᠪᠡ᠃ |