ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠤᠨ ᠥᠷᠭᠡᠴᠡ ᠪᠠ ᠭᠦᠨᠴᠡ ᠶᠢ ᠥᠷᠭᠡᠳᠬᠡᠵᠦ᠂ ᠱᠠᠰᠢᠨ ᠰᠤᠷᠲᠠᠬᠤᠨ ᠤ ᠠᠵᠢᠯᠯᠠᠭ᠎ᠠ ᠶᠢᠨ | ᠲᠠᠯᠠᠪᠤᠷ ᠲᠤ ᠮᠦᠷᠭᠦᠯᠴᠢᠳ ᠤᠨ ᠭᠠᠵᠢᠭᠤ ᠱᠠᠰᠢᠨ ᠢ ᠰᠡᠷᠭᠡᠶᠢᠯᠡᠬᠦ ᠤᠬᠠᠮᠰᠠᠷ ᠪᠠ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ | 25 ᠤ ᠡᠳᠦᠷ᠂ ᠪᠠᠶᠠᠨᠲᠤᠬᠠᠢ ᠪᠠᠯᠭᠠᠰᠤ ︽ᠰᠢᠨᠵᠢᠯᠡᠬᠦ ᠤᠬᠠᠭᠠᠨ ᠢ ᠡᠷᠬᠢᠮᠯᠡᠵᠦ᠂ ᠭᠠᠵᠢᠭᠤ ᠱᠠᠰᠢᠨ ᠢ ᠡᠰᠡᠷᠭᠦᠴᠡᠬᠦ︾ ᠪᠠᠷ ᠭᠤᠣᠯ ᠰᠡᠳᠦᠪ ᠪᠣᠯᠭᠠᠨ ᠪᠠᠯᠭᠠᠰᠤ ᠶᠢᠨ | ᠬᠠᠷᠢᠶᠠᠨ ᠳᠠᠬᠢ 3 ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠲᠤ ᠭᠠᠵᠢᠭᠤ ᠱᠠᠰᠢᠨ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠪᠡ᠃ | ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠭᠠᠵᠠᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠱᠠᠰᠢᠨ | ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠷᠢᠭᠤᠴᠠᠯᠭᠠᠲᠠᠨ ᠪᠣᠯᠣᠨ ᠬᠡᠰᠡᠭ ᠰᠦᠰᠦᠭᠲᠡᠨ ᠨᠠᠷ ᠲᠤ ᠭᠠᠵᠢᠭᠤ ᠱᠠᠰᠢᠨ ᠤ ᠮᠥᠨ ᠴᠢᠨᠠᠷ᠂ ᠣᠨᠴᠠᠯᠢᠭ ᠰᠢᠨᠵᠢ | ᠪᠣᠯᠣᠨ ᠬᠤᠣᠷ ᠬᠥᠨᠥᠭᠡᠯ ᠵᠢᠴᠢ ᠭᠠᠵᠢᠭᠤ ᠱᠠᠰᠢᠨ ᠢ ᠢᠯᠭᠠᠨ ᠲᠠᠨᠢᠬᠤ ᠠᠷᠭ᠎ᠠ ᠪᠣᠯᠣᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠬᠤ ᠶᠢᠨ ᠬᠠᠮᠳᠣ᠂ | ᠠᠮᠤᠷ ᠲᠦᠪᠰᠢᠨ ᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠭᠤᠯᠭ᠎ᠠ ᠲᠠᠢ ᠤᠶᠠᠯᠳᠤᠭᠤᠯᠤᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠱᠠᠰᠢᠨ | ᠰᠤᠷᠲᠠᠬᠤᠨ ᠤ ᠡᠶ᠎ᠡ ᠵᠣᠬᠢᠴᠠᠯ ᠢ ᠠᠬᠢᠭᠤᠯᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠱᠠᠰᠢᠨ ᠰᠢᠲᠦᠳᠡᠭ ᠤᠯᠠᠨ ᠲᠦᠮᠡᠨ ᠳᠤ ᠰᠢᠨᠵᠢᠯᠡᠬᠦ ᠤᠬᠠᠭᠠᠨ ᠢ ᠢᠲᠡᠭᠡᠬᠦ᠂ | ᠭᠠᠵᠢᠭᠤ ᠱᠠᠰᠢᠨ ᠢ ᠬᠦᠯᠢᠶᠡᠨ ᠠᠪᠬᠤ ᠦᠭᠡᠢ᠂ ᠢᠲᠡᠭᠡᠬᠦ ᠦᠭᠡᠢ᠂ ᠤᠯᠠᠮᠵᠢᠯᠠᠬᠤ ᠦᠭᠡᠢ ᠪᠠᠶᠢᠬᠤ ᠶᠢ ᠵᠢᠭᠠᠨ ᠵᠢᠯᠣᠭᠤᠳᠴᠣ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠴᠠᠭ ᠲᠤᠬᠠᠢ ᠳᠤᠨᠢ ᠢᠯᠡᠴᠢᠯᠡᠨ ᠮᠡᠳᠡᠭᠦᠯᠬᠦ ᠶᠢ ᠰᠣᠷᠳᠠᠯᠴᠢᠯᠠᠪᠠ᠃ | ᠲᠣᠰ ᠤᠳᠠᠭᠠᠨ ᠤ ᠱᠠᠰᠢᠨ ᠰᠤᠷᠲᠠᠬᠤᠨ ᠤ ᠲᠠᠯᠠᠪᠤᠷ ᠤᠨ ᠭᠠᠵᠢᠭᠤ ᠱᠠᠰᠢᠨ ᠢ ᠡᠰᠡᠷᠭᠦᠴᠡᠬᠦ ᠤᠬᠠᠭᠤᠯᠭ᠎ᠠ ᠪᠠᠷ ᠳᠠᠮᠵᠢᠭᠤᠯᠤᠨ᠂ ᠱᠠᠰᠢᠨ ᠰᠤᠷᠲᠠᠬᠤᠨ ᠤ | ᠲᠠᠯᠠᠪᠤᠷ ᠤᠨ ᠬᠥᠮᠥᠰ ᠤᠨ ᠭᠠᠵᠢᠭᠤ ᠱᠠᠰᠢᠨ ᠢ ᠡᠰᠡᠷᠭᠦᠴᠡᠬᠦ ᠮᠡᠳᠡᠯᠭᠡ ᠶᠢ ᠣᠶᠢᠯᠠᠭᠠᠬᠤ ᠨᠣᠷᠮ᠎ᠠ ᠪᠠ ᠥᠪᠡᠷ ᠪᠡᠶ᠎ᠡ ᠶᠢᠨ ᠰᠡᠷᠡᠮᠵᠢ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠱᠠᠰᠢᠨ ᠰᠢᠲᠦᠳᠡᠭ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠪᠦᠲᠦᠮᠵᠢᠲᠡᠶ ᠪᠠᠷ ᠴᠢᠩᠭᠠᠳᠬᠠᠨ᠂ ︽ᠠᠮᠤᠷ ᠠᠮᠤᠭᠤᠯᠠᠩ | ᠪᠠᠶᠠᠨᠲᠤᠬᠠᠢ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠷᠢᠶᠠᠲᠤ ᠣᠷᠣᠨ ᠤ ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠵᠣᠬᠢᠴᠠᠯ ᠲᠠᠢ | ᠲᠣᠭᠲᠠᠭᠤᠨ ᠪᠠᠶᠢᠳᠠᠯ ᠢ ᠪᠠᠲᠤᠯᠠᠪᠠ᠃ |