︽ᠡᠬᠡ ᠤᠯᠤᠰ ᠲᠠᠭᠠᠨ ᠬᠠᠷᠢᠭᠤ ᠮᠡᠳᠡᠭᠦᠯᠬᠦ — ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ᠂ ᠰᠢᠯᠢᠳᠡᠭ ᠳᠠᠭᠤᠷᠢᠯᠢᠭ ᠤᠨ ᠦᠵᠡᠭᠦᠯᠦᠯᠭᠡ ᠶᠢᠨ ᠲᠣᠭᠯᠠᠯᠲᠠ ᠵᠢᠴᠢ ᠳᠤᠮᠳᠠᠳᠤ ᠤᠯᠤᠰ ᠤᠨ ᠳᠠᠭᠤᠷᠢᠯᠢᠭ ᠤᠨ ᠤᠮᠠᠷᠠᠲᠤ ᠬᠢᠯᠢ ᠳᠤ ᠠᠶᠠᠯᠠᠭᠰᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠳᠠᠭᠤᠷᠢᠯᠢᠭ ᠤᠨ ᠰᠣᠯᠢᠯᠴᠠᠭᠠᠨ ᠤ ᠠᠵᠢᠯᠯᠠᠭ᠎ᠠ︾ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/30
       9 ᠰᠠᠷ᠎ᠠ ᠶᠢᠨ 26 ᠤ ᠡᠳᠦᠷ᠂ ︽ᠡᠬᠡ ᠤᠯᠤᠰ ᠲᠠᠭᠠᠨ ᠬᠠᠷᠢᠭᠤ ᠮᠡᠳᠡᠭᠦᠯᠬᠦ — ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ᠂ ᠰᠢᠯᠢᠳᠡᠭ ᠳᠠᠭᠤᠷᠢᠯᠢᠭ ᠤᠨ ᠦᠵᠡᠭᠦᠯᠦᠯᠭᠡ ᠶᠢᠨ ᠲᠣᠭᠯᠠᠯᠲᠠ ᠵᠢᠴᠢ ᠳᠤᠮᠳᠠᠳᠤ ᠤᠯᠤᠰ ᠤᠨ ᠳᠠᠭᠤᠷᠢᠯᠢᠭ ᠤᠨ ᠤᠮᠠᠷᠠᠲᠤ ᠬᠢᠯᠢ ᠳᠤ ᠠᠶᠠᠯᠠᠭᠰᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠳᠠᠭᠤᠷᠢᠯᠢᠭ ᠤᠨ ᠰᠣᠯᠢᠯᠴᠠᠭᠠᠨ ᠤ ᠠᠵᠢᠯᠯᠠᠭ᠎ᠠ︾ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠶᠠᠪᠤᠭᠳᠠᠪᠠ᠃ ᠠᠵᠢᠯᠯᠠᠭ᠎ᠠ ᠶᠢᠨ ᠳᠤᠮᠳᠠ᠂ ᠳᠤᠮᠳᠠᠳᠤ ᠤᠯᠤᠰ ᠤᠨ ᠳᠠᠭᠤᠷᠢᠯᠢᠭ ᠤᠨ ᠤᠷᠠᠯᠢᠭᠴᠢᠳ ᠤᠨ ᠨᠡᠶᠢᠭᠡᠮᠯᠢᠭ ᠤᠨ ᠤᠯᠤᠰ ᠤᠨ ᠲᠠᠰ ᠤᠨ ᠲᠣᠭᠯᠠᠭᠴᠢ ᠬᠥᠩ ᠬᠠᠨ ᠯᠢᠨ᠂ ᠶᠢᠨ ᠵᠤ᠋᠂ ᠸᠠᠩ ᠸᠧᠨ ᠱᠦᠢ ᠮᠡᠲᠦ ᠶᠢᠨ ᠣᠯᠠᠨ ᠣᠳᠣᠳ ᠨᠢᠭᠡ ᠲᠠᠩᠬᠢᠮ ᠳᠤ ᠴᠤᠭᠯᠠᠷᠠᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠦᠢᠯᠡᠰ ᠤᠨ ᠵᠠᠯᠭᠠᠮᠵᠢᠯᠠᠭᠴᠢᠳ ᠲᠠᠢ ᠬᠠᠮᠲᠤ ᠪᠠᠷ ᠳᠠᠭᠤᠷᠢᠯᠢᠭ ᠤᠨ ᠦᠪᠡᠳᠡᠭᠰᠢ ᠨᠠᠶᠢᠷ ᠪᠣᠯᠣᠭᠰᠠᠨ ᠪᠠᠶᠢᠨ᠎ᠠ᠃
20240930-1-1.png
       ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢᠳ ᠳᠠᠭᠤᠷᠢᠯᠢᠭ ᠤᠨ ᠨᠡᠶᠢᠭᠡᠮᠯᠢᠭ ᠤᠨ ᠪᠠᠭᠰᠢ ᠨᠠᠷ ᠲᠤ ᠠᠷᠠᠳ ᠤᠨ ᠳᠠᠭᠤᠤ ︽ᠡᠬᠡ ᠪᠤᠭᠤ ᠶᠢᠨ ᠳᠠᠭᠤᠤ︾ ︽ᠲᠷᠠᠺᠲ᠋ᠣᠷ ᠤᠨ ᠳᠠᠭᠤᠤ︾ ︽ᠲᠡᠭᠷᠢ ᠭᠠᠵᠠᠷ ᠤᠨ ᠳᠠᠭᠤᠤ︾ ᠵᠡᠷᠭᠡ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠭᠠᠵᠠᠷ ᠣᠷᠣᠨ ᠤ ᠣᠨᠴᠠᠯᠢᠭ ᠲᠠᠢ ᠤᠯᠠᠮᠵᠢᠯᠠᠯᠲᠤ ᠳᠠᠭᠤᠤ ᠶᠢ ᠡᠷᠭᠦᠵᠦ᠂ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ ᠸᠠᠩ ᠸᠧᠨ ᠱᠦᠢ ᠪᠠᠭᠰᠢᠲᠠᠨ ᠦᠵᠡᠭᠴᠢᠳ ᠲᠤ ᠭᠤᠶᠢᠳᠠ ᠰᠠᠶᠢᠬᠠᠨ ᠴᠠᠷᠭᠢᠯ ᠲᠣᠭᠯᠠᠯᠲᠠ ᠶᠢ ᠳᠡᠪᠰᠢᠭᠦᠯᠦᠭᠰᠡᠨ ᠪᠠᠶᠢᠨ᠎ᠠ᠃ ᠳᠥᠷᠪᠡᠨ ᠤᠲᠠᠰᠤᠲᠤ ᠬᠤᠭᠤᠷ ᠤᠨ ᠲᠣᠭᠯᠠᠯᠲᠠ ᠨᠢ ᠠᠯᠳᠠᠷᠲᠤ ᠱᠤᠭ ᠵᠦᠴᠦᠭᠡ ᠶᠢᠨ ᠤᠷᠠᠯᠢᠭᠴᠢᠨ ᠬᠥᠩ ᠬᠠᠨ ᠯᠢᠨ ᠪᠠᠭᠰᠢ ᠶᠢᠨ ᠰᠡᠳᠬᠢᠯ ᠢ ᠶᠡᠬᠡᠳᠡ ᠳᠣᠭᠳᠣᠯᠤᠭᠤᠯᠵᠤ᠂ ᠲᠠᠶᠢᠰᠠᠨ ᠳᠤ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢᠳ ᠲᠠᠢ ᠰᠣᠶᠣᠯ ᠤᠷᠠᠯᠢᠭ ᠤᠨ ᠰᠣᠯᠢᠯᠴᠠᠭ᠎ᠠ ᠬᠢᠭᠰᠡᠨ ᠪᠥᠭᠡᠳ ᠲᠣᠭᠯᠠᠯᠲᠠ ᠶᠢ ᠲᠠᠭᠠᠰᠢᠶᠠᠭᠰᠠᠨ ᠰᠠᠶᠢᠬᠠᠨ ᠦᠨᠡᠯᠡᠯᠲᠡ ᠬᠢᠭᠰᠡᠨ ᠪᠠᠶᠢᠨ᠎ᠠ᠃ ︽ᠠᠯᠲᠠᠨ ᠪᠦᠯᠡᠵᠡᠭ ᠤᠷᠠᠯᠢᠭ ᠤᠨ ᠪᠦᠯᠬᠦᠮ︾ ᠨᠢ ᠳᠠᠭᠤᠷᠢᠯᠢᠭ ᠤᠨ ᠤᠷᠠᠯᠢᠭᠴᠢᠳ ᠲᠠᠢ ᠬᠠᠮᠲᠤ ᠪᠦᠵᠢᠭᠯᠡᠵᠦ᠂ ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ  ᠶᠢ ᠣᠷᠭᠢᠯ ᠳᠤᠨᠢ ᠬᠦᠷᠭᠡᠪᠡ᠃       ᠲᠣᠰ ᠤᠳᠠᠭᠠᠨ ᠤ ᠠᠵᠢᠯᠯᠠᠭ᠎ᠠ ᠨᠢ ᠮᠠᠨ ᠤ ᠬᠤᠰᠢᠭᠤᠨ ᠤ ᠠᠷᠠᠳ ᠤᠨ ᠤᠷᠠᠯᠢᠭᠴᠢᠳ ᠲᠤ ᠮᠡᠷᠭᠡᠵᠢᠯ ᠤᠨ ᠲᠠᠯ᠎ᠠ ᠶᠢᠨ ᠵᠢᠯᠣᠭᠤᠳᠤᠯᠭ᠎ᠠ ᠪᠣᠯᠣᠭᠰᠠᠨ ᠢᠶᠠᠷ ᠪᠠᠷᠠᠬᠤ ᠦᠭᠡᠢ᠂ ᠮᠠᠨ ᠤ ᠬᠤᠰᠢᠭᠤᠨ ᠤ ᠠᠷᠠᠳ ᠤᠨ ᠤᠷᠠᠯᠢᠭ ᠤᠨ ᠥᠷᠨᠢᠯ ᠬᠦᠭᠵᠢᠯ᠂ ᠤᠮᠠᠷᠠᠲᠤ ᠶᠢᠨ ᠰᠣᠶᠣᠯ ᠢ ᠪᠠᠳᠠᠷᠠᠭᠤᠯᠬᠤ᠂ ᠳᠤᠮᠳᠠᠳᠤ ᠶᠢᠨ ᠰᠣᠶᠣᠯ  ᠢ ᠦᠷᠭᠦᠯᠵᠢᠯᠡᠭᠦᠯᠬᠦ ᠳᠤ ᠨᠡᠮᠡᠷᠢ ᠬᠦᠴᠦᠨ ᠪᠣᠯᠵᠠᠢ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ