ᠭᠤᠷᠪᠠᠳᠤᠭᠠᠷ ᠪᠦᠯᠦᠭ ᠲᠦᠰᠦᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ | ᠬᠤᠷᠢᠨ ᠳᠣᠯᠣᠳᠤᠭᠠᠷ ᠵᠦᠢᠯ᠂ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠳᠤ ᠡᠯ᠎ᠡ ᠲᠦᠷᠦᠯ ᠤᠨ ᠭᠠᠶᠢᠯᠢ ᠲᠠᠲᠠᠪᠤᠷᠢ ᠶᠢᠨ ᠣᠷᠣᠯᠭ᠎ᠠ᠂ | ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠵᠠᠷᠤᠳᠠᠯ ᠬᠤᠷᠢᠶᠠᠯᠲᠠ ᠶᠢᠨ ᠣᠷᠣᠯᠭ᠎ᠠ᠂ ᠤᠯᠤᠰ ᠤᠨ ᠥᠮᠴᠢᠯᠡᠯ ᠤᠨ ᠡᠬᠢ ᠪᠠᠶᠠᠯᠢᠭ ︵ᠡᠳ᠋ ᠬᠦᠷᠦᠩᠭᠡ︶ ᠢ | ᠲᠥᠯᠥᠪᠦᠷᠢ ᠲᠠᠢ ᠪᠠᠷ ᠬᠡᠷᠡᠭᠯᠡᠬᠦ ᠣᠷᠣᠯᠭ᠎ᠠ᠂ ᠰᠢᠯᠵᠢᠭᠦᠯᠦᠯᠲᠡ ᠶᠢᠨ ᠴᠢᠨᠠᠷᠲᠠᠢ ᠣᠷᠣᠯᠭ᠎ᠠ ᠪᠣᠯᠤᠨ ᠪᠤᠰᠤᠳ ᠣᠷᠣᠯᠭ᠎ᠠ ᠶᠢ ᠪᠠᠭᠲᠠᠨ᠎ᠠ᠃ ᠤᠯᠠᠨ ᠨᠡᠶᠢᠲᠡ ᠶᠢᠨ | ᠡᠩ ᠤᠨ ᠲᠥᠰᠦᠪ ᠤᠨ ᠵᠠᠷᠤᠯᠭ᠎ᠠ ᠶᠢ ᠴᠢᠳᠠᠮᠵᠢ ᠪᠠᠷ ᠨᠢ ᠬᠤᠪᠢᠶᠠᠷᠯᠠᠪᠠᠯ᠂ ᠤᠯᠠᠨ ᠨᠡᠶᠢᠲᠡ ᠶᠢᠨ ᠡᠩ ᠤᠨ ᠦᠢᠯᠡᠴᠢᠯᠡᠭᠡᠨ ᠤ ᠵᠠᠷᠤᠯᠭ᠎ᠠ᠂ ᠭᠠᠳᠠᠭᠠᠳᠤ ᠬᠠᠷᠢᠯᠴᠠᠭ᠎ᠠ᠂ | ᠨᠡᠶᠢᠲᠡ ᠶᠢᠨ ᠠᠮᠤᠷ ᠲᠦᠪᠰᠢᠨ᠂ ᠤᠯᠤᠰ ᠤᠨ ᠬᠠᠮᠠᠭᠠᠯᠠᠯᠲᠠ ᠶᠢᠨ ᠵᠠᠷᠤᠯᠭ᠎ᠠ᠂ ᠲᠠᠷᠢᠶᠠᠯᠠᠩ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠵᠠᠷᠤᠯᠭ᠎ᠠ᠂ ᠰᠣᠷᠢᠭᠠᠨ | ᠬᠦᠮᠦᠵᠢᠯ᠂ ᠰᠢᠨᠵᠢᠯᠡᠭᠡ ᠲᠧᠭᠨᠢᠭ᠂ ᠰᠣᠶᠣᠯ ᠪᠣᠯᠪᠠᠰᠣᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠵᠠᠷᠤᠯᠭ᠎ᠠ᠂ ᠨᠡᠶᠢᠭᠡᠮ ᠤᠨ ᠪᠠᠲᠤᠯᠠᠭ᠎ᠠ ᠵᠢᠴᠢ ᠠᠵᠢᠯ | ᠣᠯᠭᠤᠯᠲᠠ ᠶᠢᠨ ᠵᠠᠷᠤᠯᠭ᠎ᠠ ᠪᠣᠯᠤᠨ ᠪᠤᠰᠤᠳ ᠵᠠᠷᠤᠯᠭ᠎ᠠ ᠶᠢ ᠪᠠᠭᠳᠠᠭᠠᠨ᠎ᠠ᠃ ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠠᠵᠤ ᠠᠬᠤᠢ ᠶᠢᠨ ᠰᠢᠨᠵᠢ | ᠴᠢᠨᠠᠷ ᠢᠶᠠᠷ ᠨᠢ ᠬᠤᠪᠢᠶᠠᠷᠯᠠᠪᠠᠯ᠂ ᠴᠠᠯᠢᠩ ᠠᠰᠠᠷᠠᠮᠵᠢ ᠶᠢᠨ ᠵᠠᠷᠤᠯᠭ᠎ᠠ᠂ ᠲᠠᠸᠠᠷ ᠪᠠ ᠦᠢᠯᠡᠴᠢᠯᠡᠭᠡᠨ ᠤ ᠵᠠᠷᠤᠯᠭ᠎ᠠ᠂ ᠬᠦᠷᠦᠩᠭᠡ ᠶᠢᠨ ᠴᠢᠨᠠᠷᠲᠠᠢ ᠵᠠᠷᠤᠯᠭ᠎ᠠ ᠪᠣᠯᠤᠨ | ᠪᠤᠰᠤᠳ ᠵᠠᠷᠤᠯᠭ᠎ᠠ ᠶᠢ ᠪᠠᠭᠳᠠᠭᠠᠨ᠎ᠠ᠃ | ᠬᠤᠷᠢᠨ ᠨᠠᠢᠮᠠᠳᠤᠭᠠᠷ ᠵᠦᠢᠯ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ | ᠡᠵᠡᠩᠨᠡᠯᠲᠡ ᠶᠢᠨ ᠲᠥᠰᠦᠪ ᠪᠣᠯᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ ᠶᠢ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢ ᠶᠢᠰᠦᠳᠦᠭᠡᠷ ᠵᠦᠢᠯ᠂ ᠲᠥᠪ ᠤᠨ ᠲᠥᠰᠦᠪ ᠪᠣᠯᠤᠨ ᠣᠷᠣᠨ ᠨᠤᠲᠤᠭ ᠤᠨ ᠲᠥᠰᠦᠪ ᠤᠨ ᠣᠷᠣᠯᠭ᠎ᠠ ᠪᠣᠯᠤᠨ ᠵᠠᠷᠤᠯᠭ᠎ᠠ ᠶᠢᠨ ᠵᠦᠢᠯ ᠢ | ᠢᠯᠭᠠᠪᠤᠷᠢᠯᠠᠬᠤ᠂ ᠣᠷᠣᠨ ᠨᠤᠲᠤᠭ ᠠᠴᠠ ᠲᠥᠪ ᠲᠤ ᠳᠡᠭᠡᠭᠰᠢ ᠲᠤᠰᠢᠶᠠᠬᠤ ᠣᠷᠣᠯᠭ᠎ᠠ᠂ ᠲᠥᠪ ᠠᠴᠠ ᠣᠷᠣᠨ ᠨᠤᠲᠤᠭ ᠲᠤ ᠭᠠᠶᠢᠯᠢ ᠲᠠᠲᠠᠪᠤᠷᠢ ᠪᠤᠴᠠᠭᠠᠬᠤ ᠪᠤᠶᠤ | ᠰᠢᠯᠵᠢᠭᠦᠯᠦᠨ ᠥᠭᠬᠦ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠳᠣᠬᠳᠠᠭᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠭᠤᠴᠢᠳᠤᠭᠠᠷ ᠵᠦᠢᠯ᠂ ᠳᠡᠭᠡᠳᠦ ᠱᠠᠲᠤᠨ ᠤ ᠵᠠᠰᠠᠭ ᠤᠨ ᠣᠷᠳᠣᠨ ᠲᠥᠰᠦᠪ ᠠᠴᠠ ᠭᠠᠳᠠᠭᠤᠷ ᠲᠤᠤᠷᠡᠳᠦ ᠱᠠᠲᠤᠨ ᠤ ᠵᠠᠰᠠᠭ ᠤᠨ ᠣᠷᠳᠣᠨ ᠤ | ᠲᠥᠰᠦᠪ ᠤᠨ ᠪᠡᠯᠠ ᠮᠥᠩᠭᠦ ᠶᠢ ᠰᠢᠯᠵᠢᠭᠦᠯᠦᠨ ᠬᠡᠷᠡᠭᠯᠡᠵᠦ ᠪᠣᠯᠬᠤ ᠤᠢᠭᠡᠢ᠃ ᠲᠤᠤᠷᠡᠳᠦ ᠱᠠᠲᠤᠨ ᠤ ᠵᠠᠰᠠᠭ ᠤᠨ ᠣᠷᠳᠣᠨ ᠠᠴᠠ ᠳᠡᠭᠡᠳᠦ ᠱᠠᠲᠤᠨ ᠤ ᠵᠠᠰᠠᠭ ᠤᠨ | ᠣᠷᠳᠣᠨ ᠤ ᠲᠥᠰᠦᠪ ᠲᠤ ᠬᠠᠷᠢᠶᠠᠯᠠᠭᠳᠠᠬᠤ ᠪᠡᠯᠠ ᠮᠥᠩᠭᠦ ᠶᠢ ᠰᠢᠬᠠᠵᠤ ᠠᠪᠬᠤ ᠪᠤᠶᠤ ᠦᠯᠡᠳᠡᠭᠡᠨ ᠠᠪᠴᠤ ᠪᠣᠯᠬᠤ ᠤᠢᠭᠡᠢ᠃ |