ᠲᠠᠪᠤᠳᠤᠭᠠᠷ ᠪᠦᠯᠦᠭ ᠲᠦᠰᠦᠪ ᠢ ᠬᠢᠨᠠᠨ ᠪᠠᠶᠢᠴᠠᠭᠠᠬᠤ ᠪᠠ ᠵᠥᠪᠰᠢᠶᠡᠷᠡᠬᠦ | ᠳᠥᠴᠢᠨ ᠭᠤᠷᠪᠠᠳᠤᠭᠠᠷ ᠵᠦᠢᠯ᠂ ᠲᠥᠪ ᠤᠨ ᠲᠥᠰᠦᠪ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠨ ᠪᠠᠶᠢᠴᠠᠭᠠᠵᠤ | ᠵᠥᠪᠰᠢᠶᠡᠷᠡᠨ᠎ᠡ᠃ ᠣᠷᠣᠨ ᠨᠤᠲᠤᠭ ᠤᠨ ᠡᠯ᠎ᠡ ᠱᠠᠲᠤᠨ ᠤ ᠲᠥᠰᠦᠪ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠨ | ᠪᠠᠶᠢᠴᠠᠭᠠᠵᠤ ᠵᠥᠪᠰᠢᠶᠡᠷᠡᠨ᠎ᠡ᠃ | ᠳᠥᠴᠢᠨ ᠳᠥᠷᠪᠡᠳᠦᠭᠡᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠵᠢᠯ ᠪᠦᠷᠢ ᠶᠢᠨ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠠᠴᠠ ᠳᠥᠴᠢᠨ ᠲᠠᠪᠤᠨ ᠡᠳᠦᠷ ᠤᠨ ᠡᠮᠦᠨ᠎ᠡ᠂ ᠲᠥᠪ ᠤᠨ ᠲᠥᠰᠦᠪ ᠤᠨ ᠲᠥᠰᠦᠯ ᠤᠨ ᠠᠩᠬᠠᠨ ᠤ | ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠳᠤ ᠳᠡᠪᠰᠢᠭᠦᠯᠵᠦ ᠠᠩᠬ᠎ᠠ | ᠠᠯᠬᠤᠮ ᠬᠢᠨᠠᠨ ᠪᠠᠶᠢᠴᠠᠭᠠᠯᠭᠠᠬᠤ ᠬᠡᠷᠡᠭᠲᠡᠢ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠠᠴᠠ ᠭᠤᠴᠢᠨ ᠡᠳᠦᠷ ᠤᠨ ᠡᠮᠦᠨ᠎ᠡ᠂ ᠲᠤᠰ | ᠱᠠᠲᠤᠨ ᠤ ᠲᠥᠰᠦᠪ ᠤᠨ ᠲᠥᠰᠦᠯ ᠤᠨ ᠠᠩᠬᠠᠨ ᠤ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ | ᠲᠤᠰᠬᠠᠢ ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶᠢᠴᠠᠭᠠᠯᠭᠠᠬᠤ ᠬᠡᠷᠡᠭᠲᠡᠢ᠃ ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠶᠢᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠬᠤᠷᠠᠯᠳᠤᠬᠤ ᠠᠴᠠ | ᠭᠤᠴᠢᠨ ᠡᠳᠦᠷ ᠤᠨ ᠡᠮᠦᠨ᠎ᠡ᠂ ᠲᠤᠰ ᠱᠠᠲᠤᠨ ᠤ ᠲᠥᠰᠦᠪ ᠤᠨ ᠲᠥᠰᠦᠯ ᠤᠨ ᠠᠩᠬᠠᠨ ᠤ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠯᠪᠣᠭᠳᠠᠯ ᠪᠦᠬᠦᠢ ᠲᠤᠰᠬᠠᠢ ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠯᠭᠡᠬᠦ ᠪᠤᠶᠤ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠳᠤ ᠬᠦᠷᠭᠡᠨ ᠰᠠᠨᠠᠯ ᠬᠤᠷᠢᠶᠠᠬᠤ ᠬᠡᠷᠡᠭᠲᠡᠢ᠃ | ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ ᠬᠤᠳᠠ ᠶᠢᠨ ᠬᠠᠷᠢᠶ᠎ᠠ ᠲᠣᠭᠤᠷᠢᠭ ᠤᠨ ᠵᠠᠰᠠᠭ ᠤᠨ ᠣᠷᠳᠣᠨ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠬᠤᠷᠠᠯᠳᠤᠬᠤ ᠠᠴᠠ ᠭᠤᠴᠢᠨ ᠡᠳᠦᠷ ᠤᠨ ᠡᠮᠦᠨ᠎ᠡ᠂ ᠲᠤᠰ ᠱᠠᠲᠤᠨ ᠤ ᠲᠥᠰᠦᠪ ᠤᠨ ᠲᠥᠰᠦᠯ ᠤᠨ | ᠠᠩᠬᠠᠨ ᠤ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠣᠰᠢᠶᠠᠵᠦ᠂ ᠠᠩᠬ᠎ᠠ ᠠᠯᠬᠤᠮ | ᠬᠢᠨᠠᠨ ᠪᠠᠶᠢᠴᠠᠭᠠᠯᠭᠠᠬᠤ ᠬᠡᠷᠡᠭᠲᠡᠢ᠃ | ᠳᠥᠴᠢᠨ ᠲᠠᠪᠤᠳᠤᠭᠠᠷ ᠵᠦᠢᠯ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ ᠬᠤᠲᠠ ᠶᠢᠨ ᠬᠠᠷᠢᠶ᠎ᠠ ᠲᠣᠭᠤᠷᠢᠭ᠂ ᠰᠢᠶᠠᠩ᠂ | ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠷᠠᠯ ᠬᠤᠷᠠᠯᠳᠤᠵᠤ ᠲᠥᠰᠦᠪ ᠤᠨ ᠲᠥᠰᠦᠯ ᠢ ᠬᠢᠨᠠᠨ | ᠪᠠᠶᠢᠴᠠᠭᠠᠬᠤ ᠠᠴᠠ ᠡᠮᠦᠨ᠎ᠡ᠂ ᠤᠯᠠᠨ ᠵᠦᠢᠯ ᠤᠨ ᠬᠡᠯᠪᠡᠷᠢ ᠪᠠᠷ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ | ᠵᠣᠬᠢᠶᠠᠨ ᠪᠠᠶᠢᠭᠤᠯᠣᠨ᠂ ᠰᠣᠩᠭᠤᠭᠤᠯᠢ ᠶᠢᠨ ᠠᠷᠠᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠢ ᠰᠣᠨᠣᠰᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠬᠦᠷᠭᠡᠵᠦ ᠬᠢᠨᠠᠨ ᠪᠠᠶᠢᠴᠠᠭᠠᠯᠭᠠᠬᠤ | ᠪᠠ ᠵᠥᠪᠰᠢᠶᠡᠷᠡᠭᠦᠯᠬᠦ ᠲᠥᠰᠦᠪ ᠤᠨ ᠲᠥᠰᠦᠯ ᠢ ᠨᠠᠷᠢᠯᠢᠬᠵᠢᠭᠤᠯᠬᠤ ᠬᠡᠷᠡᠭᠲᠡᠢ᠃ ᠲᠤᠰ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ | ᠴᠢᠳᠠᠮᠵᠢ ᠪᠠᠷ ᠨᠢ ᠲᠦᠷᠦᠯ ᠬᠤᠪᠢᠶᠠᠬᠤ ᠳᠠᠭᠠᠨ ᠵᠣᠷᠪᠣᠰ ᠪᠦᠬᠦᠨ ᠢ ᠨᠠᠶᠢᠷᠠᠭᠤᠯᠤᠨ ᠵᠢᠬᠰᠠᠭᠠᠬᠤ ᠬᠡᠷᠡᠭᠲᠡᠢ︔ ᠠᠵᠤ ᠠᠬᠤᠢ ᠶᠢᠨ ᠰᠢᠨᠵᠢ ᠴᠢᠨᠠᠷ ᠢᠶᠠᠷ ᠨᠢ ᠲᠦᠷᠦᠯ | ᠬᠤᠪᠢᠶᠠᠬᠤ ᠳᠠᠭᠠᠨ ᠦᠨᠳᠦᠰᠦᠨ ᠵᠠᠷᠤᠯᠭ᠎ᠠ ᠶᠢ ᠪᠠᠳᠠᠭ ᠪᠦᠬᠦᠨ ᠢ ᠨᠠᠶᠢᠷᠠᠭᠤᠯᠤᠨ ᠵᠢᠬᠰᠠᠭᠠᠬᠤ ᠬᠡᠷᠡᠭᠲᠡᠢ᠃ ᠲᠤᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ | ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦᠨ ᠤ ᠲᠥᠰᠦᠪ ᠤᠨ ᠵᠠᠷᠤᠯᠭ᠎ᠠ ᠶᠢ ᠴᠢᠳᠠᠮᠵᠢ ᠪᠠᠷ ᠨᠢ ᠲᠦᠷᠦᠯ ᠬᠤᠪᠢᠶᠠᠬᠤ ᠳᠠᠭᠠᠨ ᠵᠣᠷᠪᠣᠰ ᠪᠦᠬᠦᠨ ᠢ ᠨᠠᠶᠢᠷᠠᠭᠤᠯᠤᠨ ᠵᠢᠬᠰᠠᠭᠠᠬᠤ ᠬᠡᠷᠡᠭᠲᠡᠢ᠃ | ᠳᠥᠴᠢᠨ ᠳᠣᠯᠣᠳᠤᠭᠠᠷ ᠵᠦᠢᠯ᠂ ᠲᠦᠷᠤ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ | ᠦᠶ᠎ᠡ ᠳᠤ᠂ ᠶᠡᠭᠡ ᠬᠤᠷᠠᠯ ᠳᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠵᠢᠴᠢ ᠲᠥᠪ ᠤᠨ ᠪᠠ ᠣᠷᠣᠨ ᠨᠤᠲᠤᠭ ᠤᠨ ᠲᠥᠰᠦᠪ ᠢ | ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠬᠢᠬᠦ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠬᠤᠷᠠᠯ ᠬᠤᠷᠠᠯᠳᠤᠬᠤ ᠦᠶ᠎ᠡ ᠳᠤ᠂ ᠶᠡᠭᠡ ᠬᠤᠷᠠᠯ ᠳᠤ ᠶᠡᠷᠦᠩᠬᠡᠢ ᠲᠥᠰᠦᠪ ᠤᠨ ᠲᠥᠰᠦᠯ ᠪᠣᠯᠤᠨ ᠶᠡᠷᠦᠩᠬᠡᠢ ᠲᠥᠰᠦᠪ ᠢ | ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠨ᠎ᠡ᠃ ᠳᠥᠴᠢᠨ ᠨᠠᠢᠮᠠᠳᠤᠭᠠᠷ ᠵᠦᠢᠯ᠂ ᠪᠦᠬᠦ ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠥᠰᠦᠪ ᠤᠨ ᠲᠥᠰᠦᠯ ᠵᠢᠴᠢ ᠲᠡᠭᠦᠨ ᠤ | ᠮᠡᠳᠡᠭᠦᠯᠦᠯᠲᠡ᠂ ᠲᠥᠰᠦᠪ ᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢᠨ ᠳᠣᠣᠷ᠎ᠠ ᠵᠢᠭᠰᠠᠭᠠᠭᠰᠠᠨ ᠠᠭᠤᠯᠭ᠎ᠠ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠄ | ︵ᠨᠢᠭᠡ︶ ᠲᠦᠷᠦᠭᠦᠦ ᠨᠢᠭᠡ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠰᠦᠪ ᠤᠨ ᠰᠢᠢᠳᠪᠦᠷᠢ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ︔ | ︵ᠬᠤᠶᠠᠷ︶ ᠲᠥᠰᠦᠪ ᠤᠨ ᠲᠤᠭᠢᠷᠠᠭᠤᠯᠤᠯᠳᠠ ᠨᠢ ᠲᠤᠰ ᠬᠠᠤᠯᠢ ᠶᠢᠨ ᠲᠣᠭᠲᠠᠭᠠᠯ ᠳᠤ ᠨᠡᠶᠢᠴᠡᠬᠦ ᠡᠰᠡᠬᠦ︔ | ︵ᠭᠤᠷᠪᠠ︶ ᠲᠥᠰᠦᠪ ᠤᠨ ᠲᠤᠭᠢᠷᠠᠭᠤᠯᠤᠯᠳᠠ ᠨᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠴᠢᠭᠯᠡᠯᠲᠡ ᠲᠦᠷᠦ ᠶᠢᠨ | ᠪᠤᠳᠤᠯᠭ᠎ᠠ ᠶᠢ ᠲᠤᠤᠱᠯᠠᠭᠤᠯᠤᠭᠰᠠᠨ ᠡᠰᠡᠬᠦ᠂ ᠣᠷᠣᠯᠭ᠎ᠠ ᠵᠠᠷᠤᠯᠭ᠎ᠠ ᠶᠢᠨ ᠲᠦᠷᠦ ᠶᠢᠨ ᠪᠤᠳᠤᠯᠭ᠎ᠠ ᠨᠢ ᠦᠨᠡᠨ ᠬᠦ ᠬᠡᠷᠡᠭᠵᠢᠭᠦᠯᠵᠦ ᠪᠣᠯᠬᠤ ᠡᠰᠡᠬᠦ︔ | ︵ᠳᠦᠷᠪᠡ︶ ᠭᠤᠣᠯᠳᠠᠯᠭ᠎ᠠ ᠲᠠᠢ ᠵᠠᠷᠤᠯᠭ᠎ᠠ ᠪᠠ ᠴᠢᠬᠤᠯᠠ ᠶᠡᠭᠡ ᠪᠡᠯᠡ ᠣᠷᠣᠭᠤᠯᠤᠯᠲᠠ ᠶᠢᠨ ᠵᠦᠢᠯᠡᠰ ᠤᠨ ᠲᠥᠰᠦᠪ ᠤᠨ ᠲᠤᠭᠢᠷᠠᠭᠤᠯᠤᠯᠳᠠ ᠨᠢ | ᠵᠣᠬᠢᠰᠲᠠᠢ ᠡᠰᠡᠬᠦ︔ | ︵ᠲᠠᠪᠤ︶ ᠲᠥᠰᠦᠪ ᠢ ᠨᠠᠶᠢᠷᠠᠭᠤᠯᠤᠨ ᠵᠣᠬᠢᠶᠠᠭᠰᠠᠨ ᠨᠢ ᠪᠦᠷᠢᠨ ᠲᠡᠭᠦᠯᠳᠡᠷ ᠪᠠᠶᠢᠬᠤ ᠡᠰᠡᠬᠦ᠂ ᠲᠤᠰ ᠬᠠᠤᠯᠢ ᠶᠢᠨ ᠳᠥᠴᠢᠨ ᠵᠢᠷᠭᠤᠳᠤᠭᠠᠷ ᠵᠦᠢᠯ ᠤᠨ | ᠲᠣᠭᠲᠠᠭᠠᠯ ᠳᠤ ᠨᠡᠶᠢᠴᠡᠬᠦ ᠡᠰᠡᠬᠦ︔ | ︵ᠵᠢᠷᠭᠤᠭ᠎ᠠ︶ ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠥᠭᠬᠦ ᠴᠢᠨᠠᠷᠲᠠᠢ ᠵᠠᠷᠤᠯᠭ᠎ᠠ ᠶᠢᠨ ᠲᠥᠰᠦᠪ ᠨᠢ ᠵᠢᠷᠦᠮᠵᠢᠭᠤᠨ᠂ ᠵᠣᠬᠢᠰᠲᠠᠢ | ᠡᠰᠡᠬᠦ︔ | ︵ᠳᠤᠯᠤᠭ᠎ᠠ︶ ᠲᠥᠰᠦᠪ ᠤᠨ ᠲᠤᠭᠢᠷᠠᠭᠤᠯᠤᠯᠳᠠ ᠳᠠᠬᠢ ᠵᠢᠭᠡᠯᠡᠭᠰᠡᠨ ᠵᠢᠭᠡᠯᠡᠯᠭᠡ ᠨᠢ ᠬᠠᠤᠯᠢ ᠳᠤ ᠨᠡᠶᠢᠴᠡᠬᠦ ᠡᠰᠡᠬᠦ᠂ ᠵᠦᠢ ᠵᠣᠬᠢᠰᠲᠠᠢ ᠡᠰᠡᠬᠦ᠂ ᠲᠦᠯᠦᠭᠦ | ᠲᠥᠯᠥᠪᠯᠡᠭᠡ ᠪᠠ ᠲᠦᠯᠦᠭᠦ ᠪᠡᠯᠡ ᠮᠥᠩᠭᠦ ᠶᠢᠨ ᠲᠣᠭᠲᠠᠪᠤᠷᠢᠲᠠᠢ ᠢᠷᠡᠯᠳᠡ ᠲᠠᠢ ᠪᠠᠶᠢᠬᠤ ᠡᠰᠡᠬᠦ︔ | ︵ᠨᠠᠢᠮᠠ︶ ᠲᠥᠰᠦᠪ ᠲᠠᠢ ᠬᠤᠯᠪᠣᠭᠳᠠᠯ ᠪᠦᠬᠦᠢ ᠴᠢᠬᠤᠯᠠ ᠵᠦᠢᠯᠡᠰ ᠤᠨ ᠲᠣᠳᠣᠷᠬᠠᠶᠢᠯᠠᠯᠲᠠ ᠨᠢ ᠲᠣᠳᠣᠷᠬᠠᠢ ᠪᠠᠶᠢᠬᠤ ᠡᠰᠡᠬᠦ᠃ | ᠳᠥᠴᠢ ᠶᠢᠰᠦᠳᠦᠭᠡᠷ ᠵᠦᠢᠯ᠂ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠺᠣᠮᠢᠰ ᠠᠴᠠ ᠪᠦᠬᠦ | ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠳᠤᠷᠠᠳᠤᠭᠰᠠᠨ ᠲᠥᠪ ᠤᠨ ᠪᠠ ᠣᠷᠣᠨ ᠨᠤᠲᠤᠭ ᠤᠨ | ᠲᠥᠰᠦᠪ ᠤᠨ ᠲᠥᠰᠦᠯ ᠬᠢᠭᠡᠳ ᠲᠥᠪ ᠤᠨ ᠪᠠ ᠣᠷᠣᠨ ᠨᠣᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ | ᠮᠡᠳᠡᠭᠦᠯᠦᠯᠲᠡ ᠳᠡᠪᠰᠢᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠶ ᠺᠣᠮᠢᠰ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ | ᠬᠤᠲᠠ᠂ ᠬᠤᠳᠠ ᠶᠢᠨ ᠬᠠᠷᠢᠶ᠎ᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠳᠤᠷᠠᠳᠤᠭᠰᠠᠨ ᠶᠡᠷᠦᠩᠬᠡᠢ ᠲᠥᠰᠦᠪ ᠤᠨ ᠲᠥᠰᠦᠯ ᠵᠢᠴᠢ ᠲᠦᠷᠦᠭᠦᠦ ᠨᠢᠭᠡ ᠵᠢᠯ ᠤᠨ | ᠶᠡᠷᠦᠩᠬᠡᠢ ᠲᠥᠰᠦᠪ ᠢ ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠳᠡᠪᠰᠢᠭᠦᠯᠦᠨ᠎ᠡ᠃ ᠬᠢᠨᠠᠨ ᠪᠠᠶᠢᠴᠠᠭᠠᠭᠰᠠᠨ | ᠦᠷ᠎ᠡ ᠳ᠋ᠦᠩ ᠤᠨ ᠮᠡᠳᠡᠭᠦᠯᠦᠯᠲᠡ ᠳᠤ ᠳᠣᠣᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠄ | ︵ᠨᠢᠭᠡ︶ ᠲᠦᠷᠦᠭᠦᠦ ᠨᠢᠭᠡ ᠵᠢᠯ ᠤᠨ ᠲᠥᠰᠦᠪ ᠢ ᠭᠦᠢᠴᠡᠳᠬᠡᠭᠰᠡᠨ ᠪᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠰᠦᠪ ᠤᠨ ᠰᠢᠢᠳᠪᠦᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠦᠨᠡᠯᠡᠯᠲᠡ ᠬᠢᠨ᠎ᠠ︔ | ︵ᠬᠤᠶᠠᠷ︶ ᠲᠤᠰ ᠣᠨ ᠤ ᠵᠢᠯ ᠤᠨ ᠲᠥᠰᠦᠪ ᠤᠨ ᠲᠥᠰᠦᠯ ᠨᠢ ᠲᠤᠰ ᠬᠠᠤᠯᠢ ᠶᠢᠨ ᠲᠣᠭᠲᠠᠭᠠᠯ ᠳᠤ ᠨᠡᠶᠢᠴᠡᠬᠦ ᠡᠰᠡᠬᠦ᠂ ᠭᠦᠢᠴᠡᠳᠬᠡᠵᠦ ᠪᠣᠯᠬᠤ | ᠡᠰᠡᠬᠦ ᠳᠤ ᠦᠨᠡᠯᠡᠯᠲᠡ ᠬᠢᠨ᠎ᠠ︔ | ︵ᠭᠤᠷᠪᠠ︶ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠲᠥᠰᠦᠯ ᠪᠠ ᠲᠥᠰᠦᠪ ᠤᠨ ᠮᠡᠳᠡᠭᠦᠯᠦᠯᠲᠡ ᠶᠢ | ᠵᠥᠪᠰᠢᠶᠡᠷᠡᠬᠦ ᠳᠤ ᠰᠠᠨᠠᠭᠤᠯᠭ᠎ᠠ ᠳᠤᠷᠠᠳᠤᠨ᠎ᠠ︔ | ︵ᠳᠦᠷᠪᠡ︶ ᠣᠨ ᠤ ᠵᠢᠯ ᠤᠨ ᠲᠥᠰᠦᠪ ᠢ ᠭᠦᠢᠴᠡᠳᠬᠡᠬᠦ᠂ ᠲᠥᠰᠦᠪ ᠤᠨ ᠬᠠᠮᠢᠶᠠᠷᠤᠯᠲᠠ ᠶᠢ ᠰᠠᠶᠢᠵᠢᠷᠠᠭᠤᠯᠬᠤ᠂ ᠲᠥᠰᠦᠪ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠲᠥᠰᠦᠪ ᠤᠨ ᠬᠢᠨᠠᠯᠲᠠ ᠶᠢ ᠴᠢᠩᠭᠠᠳᠬᠠᠬᠤ ᠵᠡᠷᠭᠡ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ᠲᠠᠪᠢᠳᠤᠭᠠᠷ ᠵᠦᠢᠯ᠂ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠵᠠᠰᠠᠭ ᠤᠨ ᠣᠷᠳᠣᠨ ᠴᠠᠭ ᠲᠤᠬᠠᠢ ᠳᠤᠨᠢ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠲᠤᠰ ᠱᠠᠲᠤᠨ ᠤ ᠲᠥᠰᠦᠪ ᠢ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠴᠠᠭ ᠲᠤᠬᠠᠶ ᠳᠤᠨᠢ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠲᠤᠰ ᠱᠠᠲᠤᠨ ᠤ ᠲᠥᠰᠦᠪ ᠵᠢᠴᠢ ᠳᠣᠣᠷ᠎ᠠ ᠨᠢᠭᠡ ᠱᠠᠲᠤᠨ ᠤ ᠵᠠᠰᠠᠭ ᠤᠨ | ᠣᠷᠳᠣᠨ ᠤ ᠮᠡᠳᠡᠭᠦᠯᠵᠦ ᠳᠠᠩᠰᠠᠯᠠᠭᠤᠯᠤᠭᠰᠠᠨ ᠲᠥᠰᠦᠪ ᠤᠳ ᠢ ᠡᠮᠬᠢᠳᠬᠡᠨ ᠨᠡᠶᠢᠯᠡᠭᠦᠯᠦᠭᠡᠳ᠂ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠴᠠ ᠳᠣᠣᠷ᠎ᠠ ᠨᠢᠭᠡ ᠱᠠᠲᠤᠨ ᠤ | ᠵᠠᠰᠠᠭ ᠤᠨ ᠣᠷᠳᠣᠨ ᠤ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠮᠡᠳᠡᠭᠦᠯᠵᠦ ᠳᠠᠩᠰᠠᠯᠠᠭᠤᠯᠤᠭᠰᠠᠨ ᠲᠥᠰᠦᠪ ᠤᠳ ᠢ ᠡᠮᠬᠢᠳᠬᠡᠨ ᠨᠡᠶᠢᠯᠡᠭᠦᠯᠦᠭᠡᠳ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ | ᠮᠡᠳᠡᠭᠦᠯᠵᠦ ᠳᠠᠩᠰᠠᠯᠠᠭᠤᠯᠤᠭᠰᠠᠨ ᠲᠥᠰᠦᠪ ᠤᠳ ᠢ ᠡᠮᠬᠢᠳᠬᠡᠨ ᠨᠡᠶᠢᠯᠡᠭᠦᠯᠦᠭᠡᠳ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃ | ᠲᠠᠪᠢᠨ ᠨᠢᠭᠡᠳᠦᠭᠡᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠠᠴᠠ ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ ᠲᠤᠰ ᠬᠠᠤᠯᠢ ᠶᠢᠨ ᠲᠠᠪᠢᠳᠤᠭᠠᠷ ᠵᠦᠢᠯ ᠤᠨ ᠲᠣᠭᠲᠠᠭᠠᠯ ᠶᠣᠰᠣᠭᠠᠷ ᠮᠡᠳᠡᠭᠦᠯᠵᠦ | ᠳᠠᠩᠰᠠᠯᠠᠭᠤᠯᠤᠭᠰᠠᠨ ᠲᠥᠰᠦᠪ ᠤᠳ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠠᠢ ᠬᠠᠷᠰᠢᠯᠳᠤᠬᠤ ᠪᠤᠶᠤ ᠪᠤᠰᠤᠳ ᠵᠤᠬᠢᠰ ᠤᠢᠭᠡᠢ ᠵᠦᠢᠯ | ᠪᠠᠶᠢᠨ᠎ᠠ ᠭᠡᠵᠦ ᠦᠵᠡᠵᠦ᠂ ᠲᠥᠰᠦᠪ ᠢ ᠵᠥᠪᠰᠢᠶᠡᠷᠡᠭᠰᠡᠨ ᠰᠢᠢᠳᠪᠦᠷᠢ ᠶᠢ ᠬᠦᠴᠦᠨ ᠦᠭᠡᠢ ᠪᠣᠯᠭᠠᠬᠤ ᠴᠢᠬᠤᠯᠠᠲᠠᠶ ᠪᠠᠶᠢᠪᠠᠯ᠂ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠲᠣᠭᠲᠠᠭᠠᠯᠭᠠᠨ᠎ᠠ᠃ | ᠲᠠᠪᠢᠨ ᠬᠤᠶᠠᠳᠤᠭᠠᠷ ᠵᠦᠢᠯ᠂ ᠡᠯ᠎ᠡ ᠱᠠᠲᠤᠨ ᠤ ᠲᠥᠰᠦᠪ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠷᠢᠨ ᠡᠳᠦᠷ ᠤᠨ ᠳᠣᠲᠣᠷ᠎ᠠ ᠲᠤᠰ | ᠱᠠᠲᠤᠨ ᠤ ᠡᠯ᠎ᠡ ᠰᠠᠯᠠᠭ᠎ᠠ ᠮᠥᠴᠢᠷ ᠲᠤ ᠲᠥᠰᠦᠪ ᠢ ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠠᠴᠠ ᠲᠤᠰ ᠱᠠᠲᠤᠨ ᠤ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠴᠤᠬᠤᠯᠠᠪᠤᠷᠢᠯᠠᠨ ᠬᠠᠷᠢᠭᠤᠯᠤᠭᠰᠠᠨ ᠲᠤᠰ ᠰᠠᠯᠠᠭ᠎ᠠ ᠮᠥᠴᠢᠷ ᠤᠨ ᠲᠥᠰᠦᠪ ᠢ ᠬᠦᠯᠢᠶᠡᠨ ᠠᠪᠤᠭᠰᠠᠨ ᠤ | ᠳᠠᠷᠠᠭ᠎ᠠ᠂ ᠠᠷᠪᠠᠨ ᠲᠠᠪᠤᠨ ᠡᠳᠦᠷ ᠤᠨ ᠳᠣᠲᠣᠷ᠎ᠠ ᠬᠠᠷᠢᠶ᠎ᠠ ᠨᠢᠭᠡᠴᠢ ᠳᠡᠭᠡᠨ ᠲᠥᠰᠦᠪ ᠢ ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ᠃ ᠲᠥᠪ ᠠᠴᠠ ᠣᠷᠣᠨ | ᠨᠤᠲᠤᠭ ᠲᠤ ᠡᠩ ᠤᠨ ᠴᠢᠨᠠᠷᠲᠠᠢ ᠰᠢᠯᠵᠢᠭᠦᠯᠦᠨ ᠥᠭᠬᠦ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠥᠰᠦᠪ ᠢ | ᠵᠥᠪᠰᠢᠶᠡᠷᠡᠭᠰᠡᠨ ᠤ ᠳᠠᠷᠠᠭ᠎ᠠ ᠭᠤᠴᠢᠨ ᠡᠳᠦᠷ ᠤᠨ ᠳᠣᠲᠣᠷ᠎ᠠ ᠠᠯᠪᠠᠨ ᠶᠣᠰᠣ ᠪᠠᠷ ᠪᠠᠭᠤᠯᠭᠠᠬᠤ ᠬᠡᠷᠡᠭᠲᠡᠢ᠃ ᠲᠥᠪ ᠠᠴᠠ ᠣᠷᠣᠨ ᠨᠤᠲᠤᠭ ᠲᠤ ᠲᠤᠰᠬᠠᠢ | ᠵᠦᠢᠯᠡᠰ ᠢᠶᠠᠷ ᠰᠢᠯᠵᠢᠭᠦᠯᠦᠨ ᠥᠭᠬᠦ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠥᠰᠦᠪ ᠢ ᠵᠥᠪᠰᠢᠶᠡᠷᠡᠭᠰᠡᠨ ᠤ ᠳᠠᠷᠠᠭ᠎ᠠ ᠶᠡᠷᠡᠨ | ᠡᠳᠦᠷ ᠤᠨ ᠳᠣᠲᠣᠷ᠎ᠠ ᠠᠯᠪᠠᠨ ᠶᠣᠰᠣ ᠪᠠᠷ ᠪᠠᠭᠤᠯᠭᠠᠬᠤ ᠬᠡᠷᠡᠭᠲᠡᠢ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠨᠢ ᠲᠥᠪ ᠤᠨ ᠡᠩ ᠤᠨ ᠴᠢᠨᠠᠷᠲᠠᠢ ᠰᠢᠯᠵᠢᠭᠦᠯᠦᠨ ᠥᠭᠬᠦ | ᠪᠠ ᠲᠤᠰᠬᠠᠢ ᠵᠦᠢᠯᠡᠰ ᠢᠶᠠᠷ ᠰᠢᠯᠵᠢᠭᠦᠯᠦᠨ ᠥᠭᠬᠦ ᠶᠢ ᠬᠦᠯᠢᠶᠡᠨ ᠠᠪᠣᠬᠰᠡᠨ ᠤ ᠳᠠᠷᠠᠭ᠎ᠠ᠂ ᠭᠤᠴᠢᠨ ᠡᠳᠦᠷ ᠤᠨ ᠳᠣᠲᠣᠷ᠎ᠠ ᠲᠤᠰ ᠵᠠᠰᠠᠭ ᠵᠠᠬᠢᠷᠭᠠᠨ ᠤ | ᠣᠷᠣᠨ ᠳᠠᠬᠢ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠳᠤ ᠠᠯᠪᠠᠨ ᠶᠣᠰᠣ ᠪᠠᠷ ᠪᠠᠭᠤᠯᠭᠠᠬᠤ ᠬᠡᠷᠡᠭᠲᠡᠢ᠃ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠲᠥᠰᠦᠪ ᠳᠣᠬᠢᠷᠠᠭᠤᠯᠭ᠎ᠠ ᠳᠤ ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠡᠩ ᠤᠨ | ᠴᠢᠨᠠᠷᠲᠠᠢ ᠰᠢᠯᠵᠢᠭᠦᠯᠦᠨ ᠥᠭᠬᠦ ᠪᠠ ᠲᠤᠰᠬᠠᠢ ᠵᠦᠢᠯᠡᠰ ᠢᠶᠠᠷ ᠰᠢᠯᠵᠢᠭᠦᠯᠦᠨ ᠥᠭᠬᠦ ᠳᠤ᠂ ᠲᠤᠰ ᠲᠤᠰ ᠲᠤᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠲᠥᠰᠦᠪ ᠢ ᠵᠥᠪᠰᠢᠶᠡᠷᠡᠭᠰᠡᠨ ᠤ ᠳᠠᠷᠠᠭ᠎ᠠ ᠭᠤᠴᠢᠨ ᠡᠳᠦᠷ ᠪᠠ ᠵᠢᠷᠠᠨ ᠡᠳᠦᠷ ᠤᠨ ᠳᠣᠲᠣᠷ᠎ᠠ ᠠᠯᠪᠠᠨ ᠶᠣᠰᠣ ᠪᠠᠷ ᠪᠠᠭᠤᠯᠭᠠᠬᠤ ᠬᠡᠷᠡᠭᠲᠡᠢ᠃ | ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠳᠤ ᠰᠢᠯᠵᠢᠭᠦᠯᠦᠨ ᠥᠭᠬᠦ ᠳᠡᠭᠡᠨ ᠲᠥᠰᠦᠪ ᠢ ᠴᠠᠭ ᠲᠤᠬᠠᠢ ᠳᠤᠨᠢ ᠪᠠᠭᠤᠯᠭᠠᠬᠤ | ᠬᠡᠷᠡᠭᠲᠡᠢ︔ ᠪᠣᠳᠠᠲᠠᠢ ᠪᠠᠷ ᠳ᠋ᠦᠩᠨᠡᠨ ᠪᠤᠳᠤᠬᠤ ᠵᠡᠷᠭᠡ ᠣᠨᠴᠠᠭᠠᠢ ᠵᠦᠢᠯᠡᠰ ᠤᠨ ᠰᠢᠯᠵᠢᠭᠦᠯᠦᠨ ᠥᠭᠬᠦ ᠶᠢ ᠬᠤᠭᠤᠴᠠᠭ᠎ᠠ ᠬᠤᠪᠢᠶᠠᠨ ᠲᠥᠰᠦᠪ ᠪᠠᠭᠤᠯᠭᠠᠵᠤ ᠪᠣᠯᠤᠨ᠎ᠠ | ᠂ ᠡᠰᠡᠬᠦᠯ᠎ᠡ ᠤᠷᠢᠳ ᠢᠶᠠᠷ ᠤᠷᠢᠳᠴᠢᠯᠠᠨ ᠥᠭᠴᠦ ᠬᠤᠶᠢᠨ᠎ᠠ ᠨᠢ ᠳ᠋ᠦᠩᠨᠡᠨ ᠪᠤᠳᠤᠵᠦ ᠪᠣᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠴᠤᠬᠤᠯᠠᠪᠤᠷᠢᠯᠠᠨ ᠬᠠᠷᠢᠭᠤᠯᠤᠭᠰᠠᠨ ᠲᠤᠰ ᠱᠠᠲᠤᠨ ᠤ ᠡᠯ᠎ᠡ ᠰᠠᠯᠠᠭ᠎ᠠ ᠮᠥᠴᠢᠷ ᠤᠨ ᠲᠥᠰᠦᠪ | ᠪᠣᠯᠤᠨ ᠴᠤᠬᠤᠯᠠᠪᠤᠷᠢᠯᠠᠨ ᠬᠠᠷᠢᠭᠤᠯᠤᠭᠰᠠᠨ ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠥᠭᠬᠦ ᠲᠥᠰᠦᠪ ᠢ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠬᠤᠯᠪᠣᠭᠳᠠᠯ ᠪᠦᠬᠦᠢ ᠲᠤᠰᠬᠠᠢ ᠵᠥᠪᠯᠡᠯ ᠪᠣᠯᠤᠨ ᠪᠠᠶᠢᠩᠭᠤ ᠶᠢᠨ | ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠳᠤ ᠬᠠᠭᠤᠯᠤᠨ ᠬᠦᠷᠭᠡᠨ᠎ᠡ᠃ | |