ᠵᠢᠷᠭᠤᠳᠤᠭᠠᠷ ᠪᠦᠯᠦᠭ ᠲᠦᠰᠦᠪ ᠢ ᠭᠦᠢᠴᠡᠳᠬᠡᠬᠦ | ᠲᠠᠪᠢᠨ ᠭᠤᠷᠪᠠᠳᠤᠭᠠᠷ ᠵᠦᠢᠯ᠂ ᠡᠯ᠎ᠡ ᠱᠠᠲᠤᠨ ᠤ ᠲᠥᠰᠦᠪ ᠢ ᠲᠤᠰ ᠱᠠᠲᠤᠨ ᠤ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠭᠦᠢᠴᠡᠳᠬᠡᠨ᠎ᠡ᠂ ᠪᠣᠳᠠᠲᠠᠢ | ᠠᠵᠢᠯ ᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠷᠢᠭᠤᠴᠠᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠪᠣᠯ ᠲᠤᠰ | ᠰᠠᠯᠠᠭ᠎ᠠ ᠮᠥᠴᠢᠷ᠂ ᠲᠤᠰ ᠨᠢᠭᠡᠴᠢ ᠶᠢᠨ ᠲᠥᠰᠦᠪ ᠢ ᠭᠦᠢᠴᠡᠳᠬᠡᠬᠦ ᠪᠡᠶᠡᠴᠢ ᠴᠣᠭᠴᠠ ᠮᠥᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠲᠥᠰᠦᠪ ᠢ | ᠭᠦᠢᠴᠡᠳᠬᠡᠬᠦ ᠶᠢ ᠬᠠᠷᠢᠭᠤᠴᠠᠬᠤ ᠶᠢᠨ ᠬᠠᠮᠲᠤ ᠭᠦᠢᠴᠡᠳᠬᠡᠭᠰᠡᠨ ᠦᠷ᠎ᠡ ᠳ᠋ᠦᠩ ᠳᠤ ᠬᠠᠷᠢᠭᠤᠴᠠᠨ᠎ᠠ᠃ | ᠲᠠᠪᠢᠨ ᠳᠥᠷᠪᠡᠳᠦᠭᠡᠷ ᠵᠦᠢᠯ᠂ ᠲᠥᠰᠦᠪ ᠤᠨ ᠣᠨ ᠳᠤ ᠤᠷᠤᠭᠰᠠᠨ ᠤ ᠳᠠᠷᠠᠭ᠎ᠠ᠂ ᠡᠯ᠎ᠡ ᠱᠠᠲᠤᠨ ᠤ ᠲᠥᠰᠦᠪ ᠤᠨ ᠲᠥᠰᠦᠯ ᠢ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠥᠪᠰᠢᠶᠡᠷᠡᠬᠦ ᠠᠴᠠ ᠡᠮᠦᠨ᠎ᠡ ᠳᠣᠣᠷ᠎ᠠ ᠵᠢᠭᠰᠠᠭᠠᠭᠰᠠᠨ ᠵᠠᠷᠤᠯᠭ᠎ᠠ ᠶᠢ ᠲᠤᠭᠢᠷᠠᠭᠤᠯᠵᠦ ᠪᠣᠯᠤᠨ᠎ᠠ᠄ | ︵ᠨᠢᠭᠡ︶ ᠲᠦᠷᠦᠭᠦᠦ ᠨᠢᠭᠡ ᠵᠢᠯ ᠤᠨ ᠳ᠋ᠦᠩᠨᠡᠨ ᠰᠢᠯᠵᠢᠭᠦᠯᠦᠭᠰᠡᠨ ᠵᠠᠷᠤᠯᠭ᠎ᠠ︔ | ︵ᠬᠤᠶᠠᠷ︶ ᠲᠦᠷᠦᠭᠦᠦ ᠨᠢᠭᠡ ᠵᠢᠯ ᠤᠨ ᠠᠳᠠᠯᠢ ᠬᠤᠭᠤᠴᠠᠭᠠᠨ ᠤ ᠲᠥᠰᠦᠪ ᠤᠨ ᠵᠠᠷᠤᠯᠭ᠎ᠠ ᠶᠢᠨ ᠲᠤᠭ᠎ᠠ ᠪᠠᠷ ᠯᠠᠪᠯᠠᠯᠲᠠ ᠪᠣᠯᠭᠠᠵᠤ᠂ ᠵᠠᠪᠠᠯ ᠥᠭᠬᠦ ᠲᠤᠰ | ᠵᠢᠯ ᠤᠨ ᠰᠠᠯᠠᠭ᠎ᠠ ᠮᠥᠴᠢᠷ ᠤᠨ ᠦᠨᠳᠦᠰᠦᠨ ᠵᠠᠷᠤᠯᠭ᠎ᠠ᠂ ᠵᠦᠢᠯᠡᠰ ᠤᠨ ᠵᠠᠷᠤᠯᠭ᠎ᠠ ᠵᠢᠴᠢ ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠥᠭᠬᠦ | ᠴᠢᠨᠠᠷᠲᠠᠢ ᠵᠠᠷᠤᠯᠭ᠎ᠠ ᠶᠢ ᠳᠣᠬᠢᠷᠠᠭᠤᠯᠣᠨ᠎ᠠ︔ | ︵ᠭᠤᠷᠪᠠ︶ ᠬᠠᠤᠯᠢ ᠴᠠᠭᠠᠵᠠ ᠳᠤ ᠲᠣᠭᠲᠠᠭᠠᠭᠰᠠᠨ ᠵᠠᠪᠠᠯ ᠭᠦᠢᠴᠡᠳᠬᠡᠬᠦ ᠥᠭᠬᠦ ᠡᠭᠦᠷᠭᠡ ᠶᠢᠨ ᠵᠠᠷᠤᠯᠭ᠎ᠠ ᠵᠢᠴᠢ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ | ᠡᠭᠦᠰᠦᠭᠰᠡᠨ ᠬᠡᠷᠡᠭ ᠢ ᠰᠢᠢᠳᠪᠦᠷᠢᠯᠡᠬᠦ ᠳᠤ ᠬᠡᠷᠡᠭᠯᠡᠬᠦ ᠵᠠᠷᠤᠯᠭ᠎ᠠ᠃ ᠡᠮᠦᠨᠡᠬᠢ ᠪᠠᠳᠠᠭ ᠤᠨ ᠲᠣᠭᠲᠠᠭᠠᠯ ᠢ ᠦᠨᠳᠦᠰᠦᠯᠡᠨ ᠵᠠᠷᠤᠯᠭ᠎ᠠ ᠲᠤᠭᠢᠷᠠᠭᠤᠯᠤᠭᠰᠠᠨ ᠪᠠᠶᠢᠳᠠᠯ ᠢᠶᠠᠨ | ᠲᠥᠰᠦᠪ ᠤᠨ ᠲᠥᠰᠦᠯ ᠤᠨ ᠮᠡᠳᠡᠭᠦᠯᠦᠯᠲᠡ ᠳᠤ ᠲᠣᠳᠣᠷᠬᠠᠶᠢᠯᠠᠯᠲᠠ ᠬᠢᠬᠦ ᠬᠡᠷᠡᠭᠲᠡᠢ᠃ ᠲᠥᠰᠦᠪ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠥᠪᠰᠢᠶᠡᠷᠡᠭᠰᠡᠨ ᠤ ᠲᠡᠷᠠᠭ᠎ᠠ ᠵᠥᠪᠰᠢᠶᠡᠷᠡᠭᠰᠡᠨ ᠲᠥᠰᠦᠪ ᠤᠨ ᠶᠣᠰᠣᠭᠠᠷ ᠭᠦᠢᠴᠡᠳᠬᠡᠨ᠎ᠡ᠃ | ᠲᠠᠪᠢᠨ ᠲᠠᠪᠤᠳᠤᠭᠠᠷ ᠵᠦᠢᠯ᠂ ᠲᠥᠰᠦᠪ ᠤᠨ ᠣᠷᠣᠯᠭ᠎ᠠ ᠶᠢ ᠬᠤᠷᠢᠶᠠᠬᠤ ᠰᠠᠯᠠᠭ᠎ᠠ ᠮᠥᠴᠢᠷ ᠪᠠ ᠨᠢᠭᠡᠴᠢ ᠨᠢ ᠡᠷᠬᠡᠪᠰᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ᠂ ᠬᠤᠷᠢᠶᠠᠬᠤ ᠶᠣᠰᠣᠲᠠᠢ ᠲᠥᠰᠦᠪ ᠤᠨ ᠣᠷᠣᠯᠭ᠎ᠠ ᠶᠢ ᠴᠠᠭ ᠲᠤᠬᠠᠢ ᠳᠤᠨᠢ ᠲᠤᠭ᠎ᠠ ᠶᠣᠰᠣᠭᠠᠷ | ᠬᠤᠷᠢᠶᠠᠵᠤ ᠠᠪᠬᠤ ᠬᠡᠷᠡᠭᠲᠡᠢ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ᠂ ᠬᠤᠷᠢᠶᠠᠬᠤ ᠶᠣᠰᠣᠲᠠᠢ | ᠲᠥᠰᠦᠪ ᠤᠨ ᠣᠷᠣᠯᠭ᠎ᠠ ᠶᠢ ᠢᠯᠡᠭᠦᠦ ᠬᠤᠷᠢᠶᠠᠬᠤ᠂ ᠤᠷᠢᠳᠴᠢᠯᠠᠨ ᠬᠤᠷᠢᠶᠠᠬᠤ ᠪᠤᠶᠤ ᠬᠥᠩᠭᠡᠯᠡᠨ ᠬᠤᠷᠢᠶᠠᠬᠤ᠂ ᠬᠤᠷᠢᠶᠠᠬᠤ ᠠᠴᠠ ᠭᠡᠯᠳᠦᠷᠢᠬᠦᠯᠬᠦ ᠪᠤᠶᠤ | ᠬᠤᠶᠢᠰᠢᠯᠠᠭᠤᠯᠤᠨ ᠬᠤᠷᠢᠶᠠᠵᠤ ᠪᠣᠯᠬᠤ ᠤᠢᠭᠡᠢ᠂ ᠲᠥᠰᠦᠪ ᠤᠨ ᠣᠷᠣᠯᠭ᠎ᠠ ᠶᠢ ᠦᠯᠡᠳᠡᠭᠡᠨ ᠠᠪᠬᠤ᠂ ᠡᠵᠡᠯᠡᠨ ᠬᠡᠷᠡᠭᠯᠡᠬᠦ ᠪᠤᠶᠤ ᠨᠡᠭᠦᠯᠭᠡᠨ ᠬᠡᠷᠡᠭᠯᠡᠵᠦ ᠪᠣᠯᠬᠤ ᠤᠢᠭᠡᠢ᠃ | ᠡᠯ᠎ᠡ ᠱᠠᠲᠤᠨ ᠤ ᠵᠠᠰᠠᠭ ᠤᠨ ᠣᠷᠳᠣᠨ ᠠᠴᠠ ᠲᠥᠰᠦᠪ ᠤᠨ ᠣᠷᠣᠯᠭ᠎ᠠ ᠶᠢ ᠬᠤᠷᠢᠶᠠᠬᠤ ᠰᠠᠯᠠᠭ᠎ᠠ ᠮᠥᠴᠢᠷ ᠪᠠ ᠨᠢᠭᠡᠴᠢ ᠳᠤ ᠣᠷᠣᠯᠭ᠎ᠠ ᠶᠢᠨ ᠭᠦᠢᠴᠡᠳᠬᠡᠯ ᠲᠤᠭ᠎ᠠ | ᠪᠠᠭᠤᠯᠭᠠᠵᠤ ᠪᠣᠯᠬᠤ ᠦᠭᠡᠢ᠃ | ᠲᠠᠪᠢᠨ ᠵᠢᠷᠭᠤᠳᠤᠭᠠᠷ ᠵᠦᠢᠯ᠂ ᠵᠠᠰᠠᠭ ᠤᠨ ᠣᠷᠳᠣᠨ ᠤ ᠪᠦᠭᠦ ᠣᠷᠣᠯᠭ᠎ᠠ ᠶᠢ ᠤᠯᠤᠰ ᠤᠨ ᠮᠥᠩᠭᠦᠨ ᠰᠡᠩ ︵ᠳᠣᠷᠣᠭᠰᠢ ᠤᠯᠤᠰ ᠤᠨ ᠰᠡᠩ ᠭᠡᠵᠦ | ᠲᠣᠪᠴᠢᠯᠠᠨ᠎ᠠ︶ ᠳᠤ ᠲᠤᠰᠢᠶᠠᠬᠤ ᠬᠡᠷᠡᠭᠲᠡᠢ᠂ ᠶᠠᠮᠠᠷᠪᠠ ᠰᠠᠯᠠᠭ᠎ᠠ ᠮᠥᠴᠢᠷ᠂ ᠨᠢᠭᠡᠴᠢ ᠪᠠ ᠬᠤᠪᠢ ᠬᠥᠮᠦᠨ ᠦᠯᠡᠳᠡᠭᠡᠨ ᠠᠪᠬᠤ᠂ ᠡᠵᠡᠯᠡᠨ ᠬᠡᠷᠡᠭᠯᠡᠬᠦ᠂ ᠨᠡᠭᠦᠯᠭᠡᠨ | ᠬᠡᠷᠡᠭᠯᠡᠬᠦ ᠪᠤᠶᠤ ᠤᠳᠠᠭᠠᠰᠢᠷᠠᠭᠤᠯᠤᠨ ᠥᠷᠢᠲᠦᠵᠦ ᠪᠣᠯᠬᠤ ᠤᠢᠭᠡᠢ᠃ ᠬᠠᠤᠯᠢ ᠴᠠᠭᠠᠵᠠ ᠳᠤ ᠲᠣᠳᠣᠷᠬᠠᠢ ᠲᠣᠭᠲᠠᠭᠠᠯ ᠲᠠᠢ ᠪᠤᠶᠤ ᠲᠦᠷᠦ ᠶᠢᠨ ᠶᠠᠪᠤᠳᠠᠯ ᠤᠨ | ᠬᠤᠷᠢᠶ᠎ᠠ ᠪᠠᠷ ᠵᠥᠪᠰᠢᠶᠡᠷᠡᠭᠦᠯᠦᠭᠰᠡᠨ ᠲᠤᠰᠬᠠᠢ ᠲᠣᠭᠲᠠᠭᠠᠭᠰᠠᠨ ᠲᠤᠰᠬᠠᠢ ᠪᠡᠯᠡ ᠮᠥᠩᠭᠦ ᠶᠢ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢ ᠵᠢᠷᠤᠮᠯᠠᠨ | ᠡᠳ᠋ ᠤᠨ ᠵᠠᠰᠠᠭ ᠤᠨ ᠲᠤᠰᠬᠠᠢ ᠲᠠᠩᠰᠠ ᠪᠠᠶᠢᠭᠤᠯᠵᠤ ᠪᠣᠯᠤᠨ᠎ᠠ᠃ | ᠲᠠᠪᠢᠨ ᠳᠣᠯᠣᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠡᠷᠬᠡᠪᠰᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠦᠳᠲᠡᠷ | ᠲᠦᠷᠭᠡᠨ᠂ ᠪᠦᠷᠢᠨ ᠲᠤᠭ᠎ᠠ ᠪᠠᠷ ᠲᠥᠰᠦᠪ ᠤᠨ ᠵᠠᠷᠤᠯᠭ᠎ᠠ ᠶᠢᠨ ᠪᠡᠯᠡ ᠮᠥᠩᠭᠦ ᠶᠢ ᠰᠢᠯᠵᠢᠭᠦᠯᠦᠨ ᠥᠭᠴᠦ᠂ ᠲᠥᠰᠦᠪ ᠤᠨ ᠵᠠᠷᠤᠯᠭ᠎ᠠ ᠶᠢᠨ ᠬᠠᠮᠢᠶᠠᠷᠤᠯᠲᠠ | ᠬᠢᠨᠠᠯᠲᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠵᠠᠷᠤᠯᠭ᠎ᠠ ᠶᠢ ᠡᠷᠬᠡᠪᠰᠢ | ᠲᠥᠰᠦᠪ ᠤᠨ ᠶᠣᠰᠣᠭᠠᠷ ᠭᠦᠢᠴᠡᠳᠬᠡᠬᠦ ᠬᠡᠷᠡᠭᠲᠡᠢ᠂ ᠬᠤᠳᠠᠯ ᠬᠠᠭᠤᠷᠮᠠᠭ ᠢᠶᠠᠷ ᠵᠠᠷᠤᠯᠭ᠎ᠠ ᠵᠢᠭᠰᠠᠭᠠᠵᠤ ᠪᠣᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ᠂ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠥᠰᠦᠪ ᠤᠨ ᠵᠠᠷᠤᠯᠭ᠎ᠠ ᠶᠢᠨ ᠪᠠᠶᠢᠳᠠᠯ ᠳᠤ ᠦᠷ᠎ᠡ ᠪᠦᠲᠦᠮᠵᠢ ᠶᠢᠨ ᠦᠨᠡᠯᠡᠯᠲᠡ ᠬᠢᠬᠦ ᠬᠡᠷᠡᠭᠲᠡᠢ᠃ | ᠲᠠᠪᠢᠨ ᠨᠠᠢᠮᠠᠳᠤᠭᠠᠷ ᠵᠦᠢᠯ᠂ ᠡᠯ᠎ᠡ ᠱᠠᠲᠤᠨ ᠤ ᠲᠥᠰᠦᠪ ᠤᠨ ᠣᠷᠣᠯᠭ᠎ᠠ ᠪᠠ ᠵᠠᠷᠤᠯᠭ᠎ᠠ ᠳᠤ ᠬᠤᠷᠢᠶᠠᠬᠤ ᠪᠠ ᠥᠭᠬᠦ ᠶᠢ ᠭᠦᠢᠴᠡᠳᠬᠡᠬᠦ ᠳᠦᠷᠢᠮ ᠢ | ᠬᠡᠷᠡᠭᠵᠢᠭᠦᠯᠦᠨ᠎ᠡ᠃ ᠲᠤᠰᠬᠠᠢ ᠲᠣᠭᠲᠠᠭᠠᠭᠰᠠᠨ ᠬᠡᠷᠡᠭ ᠶᠠᠪᠤᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ᠂ ᠡᠷᠬᠡ ᠬᠠᠷᠢᠭᠤᠴᠠᠯᠭ᠎ᠠ ᠡᠭᠦᠰᠬᠦ | ᠳᠦᠷᠢᠮ ᠢ ᠬᠡᠷᠡᠭᠵᠢᠭᠦᠯᠬᠦ ᠬᠤᠯᠪᠣᠭᠳᠠᠯ ᠪᠦᠬᠦᠢ ᠪᠠᠶᠢᠳᠠᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠮᠡᠳᠡᠭᠦᠯᠬᠦ ᠬᠡᠷᠡᠭᠲᠡᠢ᠃ | ᠲᠠᠪᠢ ᠶᠢᠰᠦᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠲᠥᠰᠦᠪ ᠲᠤ ᠡᠷᠬᠡᠪᠰᠢ ᠤᠯᠤᠰ ᠤᠨ ᠰᠡᠩ ᠭᠠᠷᠭᠠᠬᠤ ᠬᠡᠷᠡᠭᠲᠡᠢ︔ | ᠨᠥᠬᠦᠴᠡᠯ ᠪᠦᠬᠦᠢ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤ ᠠᠴᠠ ᠤᠯᠤᠰ ᠤᠨ ᠰᠡᠩ ᠭᠠᠷᠭᠠᠬᠤ ᠬᠡᠷᠡᠭᠲᠡᠶ᠃ ᠲᠥᠪ ᠤᠨ ᠤᠯᠤᠰ ᠤᠨ ᠰᠡᠩ ᠤᠨ | ᠲᠤᠬᠠᠶᠢᠯᠠᠭᠰᠠᠨ ᠠᠵᠢᠯ ᠢ ᠳᠤᠮᠳᠠᠳᠤ ᠤᠯᠤᠰ ᠤᠨ ᠠᠷᠠᠳ ᠤᠨ ᠪᠠᠩᠬᠢ ᠠᠴᠠ ᠡᠷᠬᠢᠯᠡᠵᠦ ᠬᠢᠨ᠎ᠡ᠂ ᠣᠷᠣᠨ ᠨᠤᠲᠤᠭ ᠤᠨ ᠤᠯᠤᠰ ᠤᠨ ᠰᠡᠩ ᠤᠨ ᠲᠤᠬᠠᠶᠢᠯᠠᠭᠰᠠᠨ | ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ ᠡᠯ᠎ᠡ ᠱᠠᠲᠤᠨ ᠤ ᠤᠯᠤᠰ ᠤᠨ ᠰᠡᠩ ᠨᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠥᠰᠦᠪ ᠤᠨ ᠣᠷᠣᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠪᠠᠷ ᠬᠤᠷᠢᠶᠠᠵᠤ ᠠᠪᠬᠤ᠂ | ᠬᠤᠪᠢᠶᠠᠷᠢᠯᠠᠬᠤ᠂ ᠦᠯᠡᠳᠡᠭᠡᠨ ᠲᠤᠰᠢᠶᠠᠬᠤ᠂ ᠪᠤᠴᠠᠭᠠᠵᠤ ᠥᠭᠬᠦ ᠪᠠ ᠲᠥᠰᠦᠪ ᠤᠨ ᠵᠠᠷᠤᠯᠭ᠎ᠠ ᠶᠢ ᠰᠠᠯᠭᠠᠨ ᠥᠭᠬᠦ ᠠᠵᠢᠯ ᠢ ᠭᠦᠢᠴᠡᠳᠬᠡᠬᠦ ᠬᠡᠷᠡᠭᠲᠡᠢ᠃ ᠡᠯ᠎ᠡ | ᠱᠠᠲᠤᠨ ᠤ ᠤᠯᠤᠰ ᠤᠨ ᠰᠡᠩ ᠤᠨ ᠵᠣᠭᠤᠰ ᠢ ᠵᠠᠬᠢᠷᠬᠤ ᠡᠷᠬᠡ ᠨᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠬᠠᠷᠢᠶᠠᠯᠠᠭᠳᠠᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠲᠤᠰ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠣᠯ ᠶᠠᠮᠠᠷᠪᠠ ᠰᠠᠯᠠᠭ᠎ᠠ ᠮᠥᠴᠢᠷ᠂ ᠨᠢᠭᠡᠴᠢ ᠪᠠ ᠬᠤᠪᠢ ᠬᠥᠮᠦᠨ ᠠᠴᠠ | ᠤᠯᠤᠰ ᠤᠨ ᠰᠡᠩ ᠤᠨ ᠵᠣᠭᠤᠰ ᠢ ᠬᠥᠳᠡᠯᠭᠡᠨ ᠬᠡᠷᠡᠭᠯᠡᠬᠦ᠂ ᠴᠡᠪᠳᠡᠭᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠨᠢᠭᠡᠨᠲᠡ ᠤᠯᠤᠰ ᠤᠨ ᠰᠡᠩ ᠳᠤ ᠤᠷᠦᠬᠰᠡᠠ ᠵᠣᠭᠤᠰ ᠢ | ᠬᠡᠷᠡᠭᠯᠡᠬᠦ ᠡᠷᠬᠡ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠴᠠ ᠲᠤᠰ ᠱᠠᠲᠤᠨ ᠤ ᠤᠯᠤᠰ ᠤᠨ ᠰᠡᠩ ᠤᠨ ᠬᠠᠮᠢᠶᠠᠷᠣᠯᠲᠠ ᠬᠢᠨᠠᠯᠲᠠ ᠶᠢ ᠡᠷᠬᠡᠪᠰᠢ | ᠴᠢᠩᠭᠠᠳᠬᠠᠨ᠂ ᠲᠥᠷᠦ ᠶᠢᠨ ᠶᠠᠪᠣᠳᠠᠯ ᠤᠨ ᠬᠤᠷᠢᠶᠠᠨ ᠤ ᠳᠣᠬᠳᠠᠭᠠᠯ ᠶᠤᠰᠣᠭᠠᠷ ᠣᠯᠤᠰ ᠤᠨ ᠰᠡᠩ ᠤᠨ ᠵᠣᠭᠤᠰ ᠤ ᠬᠠᠮᠢᠶᠠᠷᠣᠯᠲᠠ ᠶᠢ ᠲᠡᠭᠦᠯᠳᠡᠷᠵᠢᠭᠦᠯᠦᠨ᠂ | ᠣᠯᠤᠰ ᠤᠨ ᠰᠡᠩ ᠤᠨ ᠵᠣᠭᠤᠰ ᠤ ᠦᠯᠡᠳᠡᠪᠦᠷᠢ ᠵᠣᠭᠤᠰ ᠳᠤᠭ᠎ᠠ ᠶᠢ ᠵᠣᠬᠢᠰᠲᠠᠢ ᠳᠣᠬᠢᠷᠠᠭᠤᠯᠣᠨ᠎ᠠ᠃ | ᠵᠢᠷᠠᠳᠤᠭᠠᠷ ᠵᠦᠢᠯ᠂ ᠨᠢᠭᠡᠨᠲᠡ ᠤᠯᠤᠰ ᠤᠨ ᠰᠠᠩ ᠳᠤ ᠲᠤᠰᠢᠶᠠᠭᠰᠠᠨ ᠪᠡᠯᠡ ᠮᠥᠩᠭᠦ ᠶᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ | ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢᠶᠠᠷ ᠪᠤᠴᠠᠭᠠᠨ ᠥᠭᠬᠦ ᠴᠢᠬᠤᠯᠠᠲᠠᠢ ᠪᠠᠶᠢᠪᠠᠯ᠂ ᠡᠯ᠎ᠡ ᠱᠠᠲᠤᠨ ᠤ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠴᠠᠭ ᠲᠤᠬᠠᠢ ᠳᠤᠨᠢ ᠪᠤᠴᠠᠭᠠᠨ ᠥᠭᠬᠦ ᠶᠢ ᠭᠦᠢᠴᠡᠳᠬᠡᠬᠦ ᠬᠡᠷᠡᠭᠲᠡᠢ᠃ | ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠵᠠᠷᠤᠯᠭ᠎ᠠ ᠪᠠᠷ ᠲᠤᠭᠢᠷᠠᠭᠤᠯᠬᠤ ᠶᠣᠰᠣᠲᠠᠢ ᠵᠦᠢᠯᠡᠰ ᠢ ᠬᠥᠮᠥᠷᠭᠡ ᠠᠴᠠ ᠪᠤᠴᠠᠭᠠᠬᠤ ᠪᠠᠷ ᠰᠢᠢᠳᠪᠦᠷᠢᠯᠡᠵᠦ ᠪᠣᠯᠬᠤ ᠦᠭᠡᠢ | ᠃ | ᠵᠢᠷᠠᠨ ᠨᠢᠭᠡᠳᠦᠭᠡᠷ ᠵᠦᠢᠯ᠂ ᠤᠯᠤᠰ ᠠᠴᠠ ᠤᠯᠤᠰ ᠤᠨ ᠰᠠᠩ ᠤᠨ ᠲᠥᠪᠯᠡᠷᠡᠭᠦᠯᠦᠨ ᠬᠤᠷᠢᠶᠠᠵᠤ ᠠᠪᠬᠤ ᠪᠠ ᠲᠥᠪᠯᠡᠷᠡᠭᠦᠯᠦᠨ ᠥᠭᠬᠦ ᠳᠦᠷᠢᠮ ᠢ | ᠬᠡᠷᠡᠭᠵᠢᠭᠦᠯᠵᠦ᠂ ᠵᠠᠰᠠᠭ ᠤᠨ ᠣᠷᠳᠣᠨ ᠤ ᠪᠦᠬᠦ ᠣᠷᠣᠯᠭ᠎ᠠ ᠪᠠ ᠵᠠᠷᠤᠯᠭ᠎ᠠ ᠳᠤ ᠤᠯᠤᠰ ᠤᠨ ᠰᠠᠩ ᠤᠨ ᠲᠥᠪᠯᠡᠷᠡᠭᠦᠯᠦᠨ ᠬᠤᠷᠢᠶᠠᠬᠤ ᠪᠠ ᠥᠭᠬᠦ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | ᠵᠢᠷᠠᠨ ᠬᠤᠶᠠᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠲᠥᠰᠦᠪ ᠢ ᠭᠦᠢᠴᠡᠳᠬᠡᠬᠦ ᠲᠠᠯ᠎ᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠵᠠᠰᠠᠭ ᠤᠨ ᠣᠷᠳᠣᠨ ᠤ ᠡᠳ᠋ ᠤᠨ ᠵᠠᠰᠠᠭ᠂ ᠭᠠᠶᠢᠯᠢ᠂ ᠪᠣᠭᠤᠮᠲᠠ ᠵᠡᠷᠭᠡ ᠲᠥᠰᠦᠪ ᠤᠨ ᠣᠷᠣᠯᠭ᠎ᠠ ᠶᠢ ᠬᠤᠷᠢᠶᠠᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ | ᠲᠥᠰᠦᠪ ᠤᠨ ᠣᠷᠣᠯᠭ᠎ᠠ ᠶᠢ ᠵᠣᠬᠢᠶᠠᠨ ᠪᠠᠶᠢᠭᠤᠯᠬᠤ ᠳᠤᠨᠢ ᠳᠡᠮᠵᠢᠯᠭᠡ ᠦᠵᠡᠭᠦᠯᠵᠦ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠲᠥᠰᠦᠪ ᠤᠨ ᠵᠠᠷᠤᠯᠭ᠎ᠠ ᠶᠢ ᠴᠢᠩᠭ᠎ᠠ ᠬᠠᠮᠢᠶᠠᠷᠬᠤ ᠳᠤᠨᠢ ᠳᠡᠮᠵᠢᠯᠭᠡ ᠦᠵᠡᠭᠦᠯᠦᠨ᠎ᠡ᠃ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠣᠭᠤᠮᠲᠠ ᠵᠡᠷᠭᠡ ᠰᠠᠯᠠᠭ᠎ᠠ | ᠮᠥᠴᠢᠷ ᠤᠳ ᠲᠥᠰᠦᠪ ᠢ ᠭᠦᠢᠴᠡᠳᠬᠡᠬᠦ ᠳᠤᠮᠳᠠ ᠪᠠᠨ ᠲᠥᠰᠦᠪ ᠢ ᠭᠦᠢᠴᠡᠳᠬᠡᠵᠦ ᠪᠠᠶᠢᠭ᠎ᠠ ᠪᠠᠶᠢᠳᠠᠯ ᠳᠤ ᠵᠠᠳᠠᠯᠤᠯᠲᠠ ᠬᠢᠬᠦ ᠪᠠᠨ ᠴᠢᠩᠭᠠᠳᠬᠠᠬᠤ ᠬᠡᠷᠡᠭᠲᠡᠶ︔ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠲᠤᠰ ᠱᠠᠲᠤᠨ ᠤ ᠵᠠᠰᠠᠭ ᠤᠨ ᠣᠷᠳᠣᠨ ᠳᠠᠭᠠᠨ ᠰᠠᠨᠠᠭᠤᠯᠭ᠎ᠠ ᠭᠠᠷᠭᠠᠵᠤ ᠠᠷᠭ᠎ᠠ ᠬᠡᠮᠵᠢᠶ᠎ᠡ ᠠᠪᠴᠤ | ᠰᠢᠢᠳᠪᠦᠷᠢᠯᠡᠬᠦᠯᠬᠦ ᠬᠡᠷᠡᠭᠲᠡᠶ᠃ | ᠵᠢᠷᠠᠨ ᠭᠤᠷᠪᠠᠳᠤᠭᠠᠷ ᠵᠦᠢᠯ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠥᠰᠦᠪ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ | ᠲᠤᠰᠢᠶᠠᠬᠤ ᠶᠣᠰᠣᠲᠠᠢ ᠲᠥᠰᠦᠪ ᠤᠨ ᠣᠷᠣᠯᠭ᠎ᠠ ᠶᠢ ᠦᠯᠡᠳᠡᠭᠡᠨ ᠠᠪᠬᠤ ᠪᠤᠶᠤ ᠬᠥᠳᠡᠯᠭᠡᠨ ᠬᠡᠷᠡᠭᠯᠡᠵᠦ ᠪᠣᠯᠬᠤ ᠤᠢᠭᠡᠢ᠂ ᠲᠥᠰᠦᠪ ᠤᠨ ᠵᠠᠷᠤᠯᠭ᠎ᠠ ᠶᠢᠨ | ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ | ᠵᠢᠷᠠᠨ ᠳᠥᠷᠪᠡᠳᠦᠭᠡᠷ ᠵᠦᠢᠯ᠂ ᠡᠯ᠎ᠡ ᠱᠠᠲᠤᠨ ᠤ ᠲᠥᠰᠦᠪ ᠤᠨ ᠪᠡᠯᠡᠳᠬᠡᠯ ᠵᠠᠷᠤᠳᠠᠯ ᠢ ᠬᠥᠳᠡᠯᠭᠡᠨ ᠬᠡᠷᠡᠭᠯᠡᠬᠦ ᠲᠥᠰᠦᠯ ᠢ ᠲᠤᠰ ᠱᠠᠲᠤᠨ ᠤ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠤᠷᠠᠳᠴᠤ᠂ ᠲᠤᠰ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ᠃ | ᠵᠢᠷᠠᠨ ᠲᠠᠪᠤᠳᠤᠭᠠᠷ ᠵᠦᠢᠯ᠂ ᠡᠯ᠎ᠡ ᠱᠠᠲᠤᠨ ᠤ ᠲᠥᠰᠦᠪ ᠤᠨ ᠡᠷᠭᠢᠯᠲᠡ ᠶᠢᠨ ᠮᠥᠩᠭᠦ ᠶᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠬᠠᠮᠢᠶᠠᠷᠤᠨ᠎ᠠ᠂ ᠥᠭᠡᠷ᠎ᠡ ᠵᠦᠢᠯ ᠳᠤ ᠰᠢᠯᠵᠢᠭᠦᠯᠦᠨ ᠬᠡᠷᠡᠭᠯᠡᠵᠦ ᠪᠣᠯᠬᠤ ᠤᠢᠭᠡᠢ᠃ | ᠵᠢᠷᠠᠨ ᠵᠢᠷᠭᠤᠳᠤᠭᠠᠷ ᠵᠦᠢᠯ᠂ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠣᠨ ᠤ ᠭᠦᠢᠴᠡᠳᠬᠡᠯ ᠳᠤᠮᠳᠠ ᠳᠠᠪᠠᠭᠤᠯᠤᠨ ᠬᠤᠷᠢᠶᠠᠭᠰᠠᠨ | ᠣᠷᠣᠯᠭ᠎ᠠ ᠲᠠᠢ ᠪᠠᠶᠢᠪᠠᠯ᠂ ᠲᠡᠭᠦᠨ ᠢ ᠵᠥᠪᠬᠡᠨ ᠤᠯᠠᠭᠠᠨ ᠲᠤᠭ᠎ᠠ ᠶᠢ ᠲᠤᠯᠭᠠᠨ ᠬᠠᠰᠤᠬᠤ ᠪᠤᠶᠤ ᠲᠥᠰᠦᠪ ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ | ᠮᠥᠩᠭᠦ ᠶᠢ ᠨᠥᠬᠦᠪᠥᠷᠢᠯᠡᠬᠦ ᠳᠤ ᠬᠡᠷᠡᠭᠯᠡᠨ᠎ᠡ᠃ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠦᠯᠡᠳᠡᠪᠦᠷᠢ ᠪᠡᠯᠡ ᠮᠥᠩᠭᠦ ᠪᠠᠷ ᠲᠥᠰᠦᠪ ᠤᠨ | ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠦ ᠶᠢ ᠨᠥᠬᠦᠪᠥᠷᠢᠯᠡᠬᠦ ᠬᠡᠷᠡᠭᠲᠡᠢ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠤᠯᠠᠨ ᠨᠡᠶᠢᠲᠡ ᠶᠢᠨ ᠡᠩ ᠤᠨ ᠲᠥᠰᠦᠪ ᠤᠨ ᠣᠨ ᠤ ᠭᠦᠢᠴᠡᠳᠬᠡᠯ ᠳᠤᠮᠳᠠ ᠳᠤᠲᠠᠭᠤ ᠬᠤᠷᠢᠶᠠᠯᠲᠠ ᠭᠠᠷᠴᠤ᠂ ᠰᠢᠯᠵᠢᠭᠦᠯᠦᠨ ᠣᠷᠣᠭᠤᠯᠤᠭᠰᠠᠨ ᠲᠥᠰᠦᠪ ᠤᠨ | ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠦ ᠂ ᠵᠠᠷᠤᠯᠭ᠎ᠠ ᠶᠢ ᠪᠠᠭᠠᠰᠬᠠᠬᠤ ᠵᠡᠷᠭᠡ ᠠᠷᠭ᠎ᠠ ᠮᠠᠶ᠋ᠢᠭ ᠢᠶᠠᠷ ᠮᠥᠨ ᠬᠦ ᠣᠷᠣᠯᠭ᠎ᠠ ᠵᠠᠷᠤᠯᠭ᠎ᠠ ᠶᠢ | ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠵᠦ ᠴᠢᠳᠠᠬᠤ ᠦᠭᠡᠢ ᠪᠠᠶᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ | ᠣᠷᠳᠣᠨ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠵᠦ᠂ | ᠤᠯᠠᠭᠠᠨ ᠲᠤᠭ᠎ᠠ ᠨᠡᠮᠡᠨ ᠵᠢᠭᠰᠠᠭᠠᠵᠤ᠂ ᠲᠦᠷᠤ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ | ᠬᠠᠮᠲᠤ ᠳᠠᠷᠠᠭ᠎ᠠ ᠨᠢᠭᠡ ᠵᠢᠯ ᠤᠨ ᠣᠨ ᠤ ᠲᠥᠰᠦᠪ ᠲᠤ ᠨᠥᠬᠦᠪᠥᠷᠢᠯᠡᠵᠦ ᠥᠭᠬᠦ ᠬᠡᠷᠡᠭᠲᠡᠢ᠃ |