ᠨᠠᠢᠮᠠᠳᠤᠭᠠᠷ ᠪᠦᠯᠦᠭ ᠲᠦᠰᠦᠪ ᠤᠨ ᠭᠦᠢᠴᠡᠳᠬᠡᠯ | ᠳᠠᠯᠠᠨ ᠳᠥᠷᠪᠡᠳᠦᠭᠡᠷ ᠵᠦᠢᠯ᠂ ᠲᠥᠰᠦᠪ ᠤᠨ ᠭᠦᠢᠴᠡᠳᠬᠡᠯ ᠤᠨ ᠲᠥᠰᠦᠯ ᠢ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠢ ᠠᠴᠠ ᠲᠥᠰᠦᠪ ᠤᠨ ᠣᠨ ᠨᠢᠭᠡᠪᠦᠷᠢ ᠳᠠᠭᠤᠰᠤᠭᠰᠠᠨ ᠤ ᠲᠡᠷᠠᠭ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠴᠠᠭ ᠢᠶᠠᠷ ᠨᠠᠶᠢᠷᠠᠭᠤᠯᠤᠨ | ᠵᠣᠬᠢᠶᠠᠨ᠎ᠠ᠃ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠪᠣᠳᠠᠲᠠᠶ ᠶᠠᠪᠤᠳᠠᠯ ᠤᠳ ᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠪᠠᠶᠢᠷᠢᠯᠠᠭᠤᠯᠤᠨ᠎ᠠ᠃ | ᠳᠠᠯᠠᠨ ᠲᠠᠪᠤᠳᠤᠭᠠᠷ ᠵᠦᠢᠯ᠂ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠡᠷᠬᠡᠪᠰᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠳᠤ ᠨᠡᠶᠢᠴᠡᠭᠦᠯᠵᠦ᠂ ᠣᠷᠣᠯᠭ᠎ᠠ ᠵᠠᠷᠤᠯᠭ᠎ᠠ ᠨᠢ ᠦᠨᠡᠨ ᠪᠣᠳᠠᠲᠠᠢ᠂ ᠲᠤᠭ᠎ᠠ ᠨᠢ ᠣᠨᠣᠪᠴᠢᠲᠠᠢ᠂ ᠠᠭᠤᠯᠭ᠎ᠠ ᠨᠢ ᠪᠦᠷᠢᠨ ᠲᠡᠭᠦᠯᠳᠡᠷ | ᠪᠠᠶᠢᠵᠤ᠂ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠲᠥᠰᠦᠪ ᠤᠨ ᠭᠦᠢᠴᠡᠳᠬᠡᠯ ᠤᠨ ᠲᠥᠰᠦᠯ ᠨᠢ ᠲᠥᠰᠦᠪ ᠲᠠᠢ ᠬᠠᠷᠢᠯᠴᠠᠨ ᠵᠣᠬᠢᠴᠠᠯᠳᠤᠭᠰᠠᠨ ᠪᠠᠶᠢᠵᠤ᠂ | ᠲᠥᠰᠦᠪ ᠤᠨ ᠲᠤᠭ᠎ᠠ᠂ ᠲᠥᠰᠦᠪ ᠤᠨ ᠲᠤᠭᠢᠷᠠᠭᠤᠯᠤᠯᠳᠠ ᠶᠢᠨ ᠲᠤᠭ᠎ᠠ᠂ ᠲᠥᠰᠦᠪ ᠤᠨ ᠭᠦᠢᠴᠡᠳᠬᠡᠯ ᠤᠨ ᠲᠤᠭ᠎ᠠ ᠪᠠᠷ ᠲᠤᠰ ᠲᠤᠰ ᠵᠢᠭᠰᠠᠭᠠᠨ ᠭᠠᠷᠭᠠᠬᠤ | ᠬᠡᠷᠡᠭᠲᠡᠢ᠃ ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠴᠢᠳᠠᠮᠵᠢ ᠪᠠᠷ ᠨᠢ ᠲᠦᠷᠦᠯ ᠬᠤᠪᠢᠶᠠᠬᠤ ᠳᠠᠭᠠᠨ ᠵᠤᠷᠪᠤᠰ ᠬᠦᠷᠲᠡᠯ᠎ᠡ ᠨᠠᠶᠢᠷᠠᠭᠤᠯᠤᠨ | ᠵᠢᠭᠰᠠᠭᠠᠵᠤ᠂ ᠠᠵᠤ ᠠᠬᠤᠢ ᠶᠢᠨ ᠰᠢᠨᠵᠢ ᠴᠢᠨᠠᠷ ᠢᠶᠠᠷ ᠨᠢ ᠲᠦᠷᠦᠯ ᠬᠤᠪᠢᠶᠠᠬᠤ ᠳᠠᠭᠠᠨ ᠪᠠᠳᠠᠭ ᠬᠦᠷᠲᠡᠯ᠎ᠡ ᠨᠠᠶᠢᠷᠠᠭᠤᠯᠤᠨ ᠵᠢᠭᠰᠠᠭᠠᠬᠤ ᠬᠡᠷᠡᠭᠲᠡᠢ᠃ | ᠳᠠᠯᠠᠨ ᠵᠢᠷᠭᠤᠳᠤᠭᠠᠷ ᠵᠦᠢᠯ᠂ ᠡᠯ᠎ᠡ ᠰᠠᠯᠠᠭ᠎ᠠ ᠮᠥᠴᠢᠷ ᠠᠴᠠ ᠬᠠᠷᠢᠶ᠎ᠠ ᠨᠢᠭᠡᠴᠡ ᠨᠦᠭᠦᠳ ᠤᠨ ᠢᠶᠠᠨ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ | ᠲᠣᠭᠲᠠᠭᠠᠬᠤ ᠪᠦᠭᠡᠳ ᠡᠮᠬᠢᠳᠬᠡᠨ ᠨᠡᠶᠢᠯᠡᠭᠦᠯᠦᠨ ᠲᠣᠰ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠂ | ᠲᠣᠭᠲᠠᠭᠰᠠᠨ ᠬᠤᠭᠤᠴᠠᠭᠠᠨ ᠳᠣᠲᠣᠷ᠎ᠠ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠮᠡᠳᠡᠭᠦᠯᠵᠦ ᠬᠢᠨᠠᠨ | ᠵᠥᠪᠰᠢᠶᠡᠷᠡᠭᠦᠯᠬᠦ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰ ᠱᠠᠲᠤᠨ ᠤ ᠡᠯ᠎ᠡ ᠰᠠᠯᠠᠭ᠎ᠠ | ᠮᠥᠴᠢᠷ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠲᠣᠭᠲᠠᠭᠠᠭᠰᠠᠨ ᠤ ᠲᠡᠷᠠᠭ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ | ᠲᠣᠭᠲᠠᠭᠠᠯ ᠲᠠᠢ ᠨᠡᠶᠢᠴᠡᠬᠦ ᠤᠢᠭᠡᠢ ᠵᠦᠢᠯ ᠪᠠᠶᠢᠬᠤ ᠶᠢ ᠣᠯᠵᠤ ᠮᠡᠳᠡᠪᠡᠯ ᠵᠠᠯᠠᠷᠠᠭᠤᠯᠬᠤ ᠡᠷᠬᠡ ᠲᠠᠢ᠃ ᠲᠡᠯᠡᠠ ᠳᠣᠯᠣᠳᠤᠭᠠᠷ ᠵᠦᠢᠯ᠂ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠥᠪ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠳᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠬᠢᠨᠠᠨ ᠪᠤᠳᠤᠬᠤ ᠰᠠᠯᠠᠭ᠎ᠠ ᠮᠥᠴᠢᠷ ᠢᠶᠠᠷ ᠬᠢᠨᠠᠨ ᠪᠤᠳᠤᠭᠤᠯᠤᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ | ᠬᠢᠨᠠᠨ ᠲᠣᠭᠲᠠᠭᠠᠯᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ᠂ ᠲᠤᠰ ᠱᠠᠲᠤᠨ ᠤ | ᠵᠠᠰᠠᠭ ᠤᠨ ᠣᠷᠳᠣᠨ ᠤ ᠬᠢᠨᠠᠨ ᠪᠤᠳᠤᠬᠤ ᠰᠠᠯᠠᠭ᠎ᠠ ᠮᠥᠴᠢᠷ ᠢᠶᠠᠷ ᠬᠢᠨᠠᠨ ᠪᠤᠳᠤᠭᠤᠯᠤᠭᠰᠠᠨ ᠤ ᠳᠠᠷᠠᠭ᠎ᠠ᠂ ᠲᠤᠰ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ | ᠬᠢᠨᠠᠨ ᠲᠣᠭᠲᠠᠭᠠᠯᠭᠠᠵᠤ᠂ ᠲᠤᠰ ᠱᠠᠲᠤᠨ ᠤ ᠵᠠᠰᠠᠭ ᠤᠨ ᠣᠷᠳᠣᠨ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠠᠷ ᠬᠢᠨᠠᠭᠤᠯᠤᠨ ᠵᠥᠪᠰᠢᠶᠡᠷᠡᠭᠦᠯᠬᠦ ᠬᠡᠷᠡᠭᠲᠡᠶ᠃ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠵᠠᠰᠠᠭ ᠤᠨ ᠣᠷᠳᠣᠨ ᠲᠤᠰ ᠱᠠᠲᠤᠨ ᠤ ᠪᠠᠨ | ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠭᠠᠳ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ | ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠨ᠎ᠡ᠃ | ᠲᠡᠯᠡᠠ ᠨᠠᠢᠮᠠᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠥᠪ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ | ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠦᠷᠦᠭᠦᠦ ᠨᠢᠭᠡ ᠵᠢᠯ ᠤᠨ ᠲᠥᠪ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠬᠢᠨᠠᠨ | ᠪᠠᠶᠢᠴᠠᠭᠠᠯᠭᠠᠬᠤ ᠬᠡᠷᠡᠭᠲᠡᠢ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠤᠰ ᠱᠠᠲᠤᠨ ᠤ | ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠦᠷᠦᠭᠦᠦ ᠨᠢᠭᠡ ᠵᠢᠯ ᠤᠨ ᠲᠤᠰ | ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ | ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶᠢᠴᠠᠭᠠᠯᠭᠠᠬᠤ ᠬᠡᠷᠡᠭᠲᠡᠢ᠃ ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠶᠢᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠵᠤ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠦᠷᠦᠭᠦᠦ | ᠨᠢᠭᠡ ᠵᠢᠯ ᠤᠨ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠯᠪᠣᠭᠳᠠᠯ ᠪᠦᠬᠦᠢ ᠲᠤᠰᠬᠠᠢ ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶᠢᠴᠠᠭᠠᠯᠭᠠᠬᠤ ᠪᠤᠶᠤ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃ ᠰᠢᠶᠠᠨ᠂ | ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ ᠬᠤᠳᠠ ᠶᠢᠨ ᠬᠠᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠤᠰ ᠱᠠᠲᠤᠨ ᠤ | ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠦᠷᠦᠭᠦᠦ ᠨᠢᠭᠡ ᠵᠢᠯ ᠤᠨ ᠲᠤᠰ | ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠳᠤᠭᠤᠷᠢᠭᠳᠤ ᠬᠤᠳᠠ | ᠂ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠶ ᠺᠣᠮᠢᠰ ᠠᠴᠠ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ | ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠳᠣᠷᠠᠳᠣᠨ ᠭᠠᠷᠭᠠᠨ᠎ᠠ᠃ | ᠳᠠᠯ᠎ᠠ ᠶᠢᠰᠦᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠤᠰ ᠱᠠᠲᠤᠨ ᠤ ᠲᠥᠰᠦᠪ ᠤᠨ | ᠭᠦᠢᠴᠡᠳᠬᠡᠯ ᠤᠨ ᠲᠥᠰᠦᠯ ᠤᠨ ᠳᠣᠣᠷ᠎ᠠ ᠵᠢᠭᠰᠠᠭᠠᠭᠰᠠᠨ ᠠᠭᠤᠯᠭ᠎ᠠ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠄ | ︵ᠨᠢᠭᠡ︶ ᠲᠥᠰᠦᠪ ᠤᠨ ᠣᠷᠣᠯᠭ᠎ᠠ ᠶᠢᠨ ᠪᠠᠶᠢᠳᠠᠯ︔ | ︵ᠬᠤᠶᠠᠷ︶ ᠵᠠᠷᠤᠯᠭ᠎ᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ ᠭᠤᠣᠯᠳᠠᠯᠭ᠎ᠠ ᠲᠠᠢ ᠵᠠᠷᠤᠯᠭ᠎ᠠ᠂ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠵᠦᠢᠯᠡᠰ ᠤᠨ ᠪᠡᠯᠡ ᠮᠥᠩᠭᠦ ᠶᠢ ᠬᠡᠷᠡᠭᠯᠡᠭᠰᠡᠨ ᠵᠢᠴᠢ ᠦᠷ᠎ᠡ ᠪᠦᠲᠦᠮᠵᠢ ᠶᠢᠨ ᠪᠠᠶᠢᠳᠠᠯ︔ | ︵ᠭᠤᠷᠪᠠ︶ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ︔ | ︵ᠳᠦᠷᠪᠡ︶ ᠪᠡᠯᠡ ᠮᠥᠩᠭᠦᠨ ᠤ ᠦᠯᠡᠳᠡᠪᠦᠷᠢ ᠶᠢᠨ ᠪᠠᠶᠢᠳᠠᠯ︔ | ︵ᠲᠠᠪᠤ︶ ᠲᠤᠰ ᠱᠠᠲᠤᠨ ᠤ ᠲᠥᠰᠦᠪ ᠲᠤ ᠲᠤᠭᠢᠷᠠᠭᠤᠯᠤᠯᠳᠡ ᠬᠢᠭᠰᠡᠨ ᠵᠢᠴᠢ ᠭᠦᠢᠴᠡᠳᠬᠡᠭᠰᠡᠨ ᠪᠠᠶᠢᠳᠠᠯ︔ | ︵ᠵᠢᠷᠭᠤᠭ᠎ᠠ︶ ᠡᠳ᠋ ᠤᠨ ᠵᠠᠰᠠᠭ ᠤᠨ ᠰᠢᠯᠵᠢᠭᠦᠯᠦᠨ ᠥᠭᠬᠦ ᠶᠢ ᠲᠤᠭᠢᠷᠠᠭᠤᠯᠵᠦ ᠭᠦᠢᠴᠡᠳᠬᠡᠭᠰᠡᠨ ᠪᠠᠶᠢᠳᠠᠯ︔ | ︵ᠳᠤᠯᠤᠭ᠎ᠠ︶ ᠵᠥᠪᠰᠢᠶᠡᠷᠡᠭᠦᠯᠦᠭᠰᠡᠨ ᠵᠢᠭᠡᠯᠡᠯᠭᠡ ᠠᠪᠬᠤ ᠬᠡᠪᠴᠢᠶ᠎ᠡ᠂ ᠪᠦᠲᠦᠴᠡ᠂ ᠬᠡᠷᠡᠭᠯᠡᠭᠡ᠂ ᠲᠦᠯᠦᠭᠰᠡᠨ ᠵᠡᠷᠭᠡ ᠪᠠᠶᠢᠳᠠᠯ︔ | ︵ᠨᠠᠢᠮᠠ︶ ᠲᠤᠰ ᠱᠠᠲᠤᠨ ᠤ ᠲᠥᠰᠦᠪ ᠤᠨ ᠡᠷᠭᠢᠯᠲᠡ ᠶᠢᠨ ᠮᠥᠩᠭᠦᠨ ᠤ ᠬᠡᠪᠴᠢᠶ᠎ᠡ ᠪᠣᠯᠤᠨ ᠬᠡᠷᠡᠭᠯᠡᠭᠰᠡᠨ ᠪᠠᠶᠢᠳᠠᠯ︔ | ︵ᠶᠢᠰᠦ︶ ᠲᠤᠰ ᠱᠠᠲᠤᠨ ᠤ ᠪᠡᠯᠡᠳᠬᠡᠯ ᠵᠠᠷᠤᠳᠠᠯ ᠢ ᠬᠡᠷᠡᠭᠯᠡᠭᠰᠡᠨ ᠪᠠᠶᠢᠳᠠᠯ︔ | ︵ᠠᠷᠪᠠ︶ ᠳᠠᠪᠠᠭᠤᠯᠤᠨ ᠬᠤᠷᠢᠶᠠᠭᠰᠠᠨ ᠣᠷᠣᠯᠭ᠎ᠠ ᠶᠢ ᠲᠤᠭᠢᠷᠠᠭᠤᠯᠤᠭᠰᠠᠨ ᠪᠠᠶᠢᠳᠠᠯ᠂ ᠲᠥᠰᠦᠪ ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ | ᠮᠥᠩᠭᠦᠨ ᠤ ᠬᠡᠪᠴᠢᠶ᠎ᠡ ᠪᠠ ᠬᠡᠷᠡᠭᠯᠡᠭᠰᠡᠨ ᠪᠠᠶᠢᠳᠠᠯ︔ | ︵ᠠᠷᠪᠠᠨ ᠨᠢᠭᠡ︶ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠰᠢᠶᠡᠷᠡᠭᠰᠡᠨ ᠲᠥᠰᠦᠪ ᠤᠨ ᠰᠢᠢᠳᠪᠦᠷᠢ ᠶᠢ | ᠨᠠᠶᠢᠳᠠᠪᠤᠷᠢᠵᠢᠭᠤᠯᠤᠭᠰᠠᠨ ᠪᠠᠶᠢᠳᠠᠯ︔ | ︵ᠠᠷᠪᠠᠨ ᠬᠤᠶᠠᠷ︶ ᠲᠥᠰᠦᠪ ᠤᠨ ᠭᠦᠢᠴᠡᠳᠬᠡᠯ ᠲᠠᠢ ᠬᠤᠯᠪᠣᠭᠳᠠᠬᠤ ᠪᠤᠰᠤᠳ ᠴᠢᠬᠤᠯᠠ ᠪᠠᠶᠢᠳᠠᠯ᠃ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠲᠤᠰ ᠱᠠᠲᠤᠨ ᠤ ᠵᠠᠰᠠᠭ ᠤᠨ ᠣᠷᠳᠣᠨ ᠤ ᠳᠤᠷᠠᠳᠤᠨ | ᠭᠠᠷᠭᠠᠭᠰᠠᠨ ᠲᠦᠷᠦᠭᠦᠦ ᠨᠢᠭᠡ ᠵᠢᠯ ᠤᠨ ᠲᠥᠰᠦᠪ ᠢ ᠭᠦᠢᠴᠡᠳᠬᠡᠭᠰᠡᠨ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠭᠰᠠᠨ ᠠᠵᠢᠯ ᠤᠨ | ᠮᠡᠳᠡᠭᠦᠯᠦᠯᠲᠡ ᠲᠠᠢ ᠤᠶᠠᠯᠳᠤᠭᠤᠯᠵᠤ᠂ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠳᠤ ᠬᠢᠨᠠᠨ ᠪᠠᠶᠢᠴᠠᠭᠠᠯᠲᠠ ᠬᠢᠨ᠎ᠡ᠃ | ᠨᠠᠶᠠᠳᠤᠭᠠᠷ ᠵᠦᠢᠯ᠂ ᠡᠯ᠎ᠡ ᠱᠠᠲᠤᠨ ᠤ ᠲᠥᠰᠦᠪ ᠤᠨ ᠭᠦᠢᠴᠡᠳᠬᠡᠯ ᠢ ᠵᠥᠪᠰᠢᠶᠡᠷᠡᠭᠦᠯᠦᠭᠰᠡᠨ ᠤ ᠲᠡᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠬᠤᠷᠢᠨ | ᠡᠳᠦᠷ ᠤᠨ ᠳᠣᠲᠣᠷ᠎ᠠ ᠲᠤᠰ ᠱᠠᠲᠤᠨ ᠤ ᠡᠯ᠎ᠡ ᠰᠠᠯᠠᠭ᠎ᠠ ᠮᠥᠴᠢᠷ ᠲᠤ ᠲᠥᠰᠦᠪ ᠤᠨ ᠭᠦᠢᠴᠡᠳᠬᠡᠯ ᠢ ᠴᠤᠬᠤᠯᠡᠪᠦᠷᠢᠯᠡᠠ ᠬᠠᠷᠢᠭᠤᠯᠬᠤ ᠬᠡᠷᠡᠭᠲᠡᠢ᠃ ᠡᠯ᠎ᠡ ᠰᠠᠯᠠᠭ᠎ᠠ | ᠮᠥᠴᠢᠷ ᠨᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠴᠤᠬᠤᠯᠠᠪᠤᠷᠢᠯᠠᠨ ᠬᠠᠷᠢᠭᠤᠯᠤᠭᠰᠠᠨ ᠲᠤᠰ ᠰᠠᠯᠠᠭ᠎ᠠ | ᠮᠥᠴᠢᠷ ᠤᠨ ᠲᠥᠰᠦᠪ ᠤᠨ ᠭᠦᠢᠴᠡᠳᠬᠡᠯ ᠢ ᠣᠯᠤᠭᠰᠠᠨ ᠤ ᠳᠠᠷᠠᠭ᠎ᠠ ᠠᠷᠪᠠᠨ ᠲᠠᠪᠤᠨ ᠡᠳᠦᠷ ᠤᠨ ᠳᠣᠲᠣᠷ᠎ᠠ ᠬᠠᠷᠢᠶ᠎ᠠ ᠨᠢᠭᠡᠴᠢ ᠳᠡᠭᠡᠨ ᠲᠥᠰᠦᠪ ᠤᠨ ᠭᠦᠢᠴᠡᠳᠬᠡᠯ ᠢ | ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ᠃ | ᠨᠠᠶᠠᠨ ᠨᠢᠭᠡᠳᠦᠭᠡᠷ ᠵᠦᠢᠯ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠵᠥᠪᠰᠢᠶᠡᠷᠡᠭᠦᠯᠦᠭᠰᠡᠨ ᠲᠥᠰᠦᠪ ᠤᠨ ᠭᠦᠢᠴᠡᠳᠬᠡᠯ ᠵᠢᠴᠢ | ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ ᠮᠡᠳᠡᠭᠦᠯᠵᠦ ᠳᠠᠩᠰᠠᠯᠠᠭᠤᠯᠤᠭᠰᠠᠨ ᠲᠥᠰᠦᠪ ᠤᠨ ᠭᠦᠢᠴᠡᠳᠬᠡᠯ ᠢ ᠬᠤᠷᠢᠶᠠᠩᠭᠤᠶᠢᠯᠠᠵᠤ᠂ ᠳᠡᠭᠡᠷ᠎ᠡ ᠨᠢᠭᠡ | ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ | ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠲᠥᠰᠦᠪ ᠤᠨ ᠭᠦᠢᠴᠡᠳᠬᠡᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠨᠠᠶᠠᠨ ᠬᠤᠶᠠᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠨᠢ ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ ᠲᠤᠰ ᠬᠠᠤᠯᠢ ᠶᠢᠨ ᠨᠠᠶᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠮᠡᠳᠡᠭᠦᠯᠵᠦ | ᠳᠠᠩᠰᠠᠯᠠᠭᠤᠯᠤᠭᠰᠠᠨ ᠲᠥᠰᠦᠪ ᠤᠨ ᠭᠦᠢᠴᠡᠳᠬᠡᠯ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠠᠢ ᠬᠠᠷᠰᠢᠯᠳᠤᠬᠤ ᠪᠤᠶᠤ ᠪᠤᠰᠤᠳ ᠵᠤᠬᠢᠰ | ᠤᠢᠭᠡᠢ ᠵᠦᠢᠯ ᠪᠠᠶᠢᠨ᠎ᠠ ᠭᠡᠵᠦ ᠦᠵᠡᠵᠦ᠂ ᠲᠤᠰ ᠲᠥᠰᠦᠪ ᠤᠨ ᠭᠦᠢᠴᠡᠳᠬᠡᠯ ᠢ ᠵᠥᠪᠰᠢᠶᠡᠷᠡᠭᠰᠡᠨ ᠰᠢᠢᠳᠪᠦᠷᠢ ᠶᠢ ᠬᠦᠴᠦᠨ ᠦᠭᠡᠢ ᠪᠣᠯᠭᠠᠬᠤ ᠴᠢᠬᠤᠯᠠᠲᠠᠶ ᠪᠠᠶᠢᠪᠠᠯ᠂ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠦᠪᠳᠦᠯᠴᠡᠨ ᠲᠣᠭᠲᠠᠭᠠᠯᠭᠠᠨ᠎ᠠ︔ | ᠬᠢᠨᠠᠨ ᠵᠦᠪᠳᠦᠨ ᠬᠦᠴᠦᠨ ᠦᠭᠡᠢ ᠪᠣᠯᠭᠠᠬᠤ ᠪᠠᠷ ᠳᠣᠬᠳᠠᠪᠠᠯ᠂ ᠲᠤᠰ ᠲᠤᠤᠷᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠠᠴᠠ ᠲᠤᠰ ᠱᠠᠲᠤᠨ ᠤ ᠵᠠᠰᠠᠭ ᠤᠨ ᠣᠷᠳᠣᠨ ᠢᠶᠠᠷ ᠬᠠᠷᠢᠭᠤᠴᠠᠭᠤᠯᠣᠨ᠂ ᠲᠤᠰ ᠬᠠᠤᠯᠢ ᠶᠢᠨ ᠲᠣᠭᠲᠠᠭᠠᠯ ᠶᠣᠰᠣᠭᠠᠷ ᠲᠥᠰᠦᠪ ᠤᠨ ᠭᠦᠢᠴᠡᠳᠬᠡᠯ ᠤᠨ | ᠲᠥᠰᠦᠯ ᠢ ᠳᠠᠬᠢᠨ ᠰᠢᠨ᠎ᠡ ᠪᠠᠷ ᠨᠠᠶᠢᠷᠠᠭᠤᠯᠤᠨ ᠵᠣᠬᠢᠶᠠᠨ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ | ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ |