1 ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾
ᠨᠡᠶᠢᠲᠡᠯᠡᠭᠰᠡᠨ ᠴᠠᠭ᠄
2025/1/13
              ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ                                ᠵᠠᠭᠤ ᠠᠷᠪᠠᠨ ᠬᠤᠶᠠᠳᠤᠭᠠᠷ ᠲᠣᠭᠠᠳ᠋᠊ ᠤ         ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯᠳᠤᠭᠠᠨ ᠠᠴᠠ 2022 ᠣᠨ ᠤ 4 ᠰᠠᠷ᠎ᠠ ᠶᠢᠨ 20 ᠤ ᠡᠳᠦᠷ ᠵᠠᠰᠠᠪᠤᠷᠢ ᠣᠷᠣᠭᠤᠯᠵᠤ ᠪᠠᠲᠤᠯᠠᠪᠠ᠃ ᠡᠳᠦᠭᠡ ᠨᠡᠶᠢᠲᠡᠯᠡᠪᠡ᠂ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ 2022 ᠣᠨ ᠤ 4 ᠰᠠᠷ᠎ᠠ ᠶᠢᠨ 20 ᠤ ᠡᠳᠦᠷ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵1996 ᠣᠨ ᠤ 5 ᠰᠠᠷ᠎ᠠ ᠶᠢᠨ 15 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠪᠠᠲᠤᠯᠠᠪᠠ᠃ 2022 ᠣᠨ ᠤ 4 ᠰᠠᠷ᠎ᠠ ᠶᠢᠨ 20 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ︶       ᠭᠠᠷᠴᠠᠭ       ᠨᠢᠭᠡᠳᠦᠭᠡᠷ ᠪᠦᠯᠦᠭ ᠶᠡᠷᠦᠩᠬᠡᠶ ᠳᠦᠷᠢᠮ       ᠬᠤᠶᠠᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ       ᠭᠤᠷᠪᠠᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠵᠢᠭᠦᠯᠦᠯᠲᠡ       ᠳᠥᠷᠪᠡᠳᠦᠭᠡᠷ ᠪᠦᠯᠦᠭ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ       ᠲᠠᠪᠤᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠪᠠ ᠰᠤᠷᠭᠠᠨ ᠬᠥᠮᠦᠵᠢᠯ ᠭᠦᠷᠲᠡᠭᠰᠡᠳ       ᠵᠢᠷᠭᠤᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠲᠤᠯᠠᠭ᠎ᠠ       ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ       ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ         ᠨᠢᠭᠡᠳᠦᠭᠡᠷ ᠪᠦᠯᠦᠭ ᠶᠡᠷᠦᠩᠬᠡᠶ ᠳᠦᠷᠢᠮ       ᠨᠢᠭᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠬᠥᠳᠡᠯᠮᠦᠷᠢᠴᠢᠳ ᠤᠨ ᠬᠡᠪ ᠴᠢᠨᠠᠷ ᠪᠠ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠦᠴᠦᠷᠬᠡᠭ ᠤᠯᠤᠰ ᠪᠠ ᠤᠷ᠎ᠠ ᠴᠢᠳᠠᠪᠤᠷᠢ ᠶᠢᠨ ᠬᠡᠯᠪᠡᠷᠢᠲᠦ ᠨᠡᠶᠢᠭᠡᠮ ᠢ ᠪᠦᠳᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠦᠨᠳᠦᠰᠦᠨ ᠬᠠᠤᠯᠢ ᠶᠢ ᠦᠨᠳᠦᠰᠦᠯᠡᠵᠦ᠂ ᠲᠤᠰ ᠬᠠᠤᠯᠢ ᠶᠢ ᠲᠣᠭᠲᠠᠭᠠᠪᠠ᠃       ᠬᠤᠶᠠᠳᠤᠭᠠᠷ ᠵᠦᠢᠯ ᠲᠤᠰ ᠬᠠᠤᠯᠢ ᠳᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠡᠳᠡᠭ ᠪᠣᠯ ᠥᠨᠳᠥᠷ ᠬᠡᠪ ᠴᠢᠨᠠᠷ ᠪᠦᠬᠦᠢ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠵᠦ᠂ ᠰᠤᠷᠭᠠᠨ ᠬᠥᠮᠦᠵᠢᠯ ᠬᠦᠷᠲᠡᠭᠰᠡᠳ ᠢ ᠶᠠᠮᠠᠷ ᠨᠢᠭᠡᠨ ᠠᠵᠢᠯ ᠮᠡᠷᠭᠡᠵᠢᠯ ᠡᠷᠬᠢᠯᠡᠬᠦ ᠪᠤᠶᠤ ᠠᠵᠢᠯ ᠮᠡᠷᠭᠡᠵᠢᠯ ᠤᠨ ᠬᠥᠭᠵᠢᠯᠲᠡ ᠶᠢ ᠪᠡᠶᠡᠯᠡᠭᠦᠯᠬᠦ ᠳᠤ ᠱᠠᠭᠠᠷᠳᠠᠭᠳᠠᠬᠤ ᠠᠵᠢᠯ ᠮᠡᠷᠭᠡᠵᠢᠯ ᠤᠨ ᠶᠣᠰᠣ ᠮᠣᠷᠠᠯ᠂ ᠰᠢᠨᠵᠢᠯᠡᠬᠦ ᠤᠬᠠᠭᠠᠨ ᠰᠣᠶᠣᠯ ᠪᠠ ᠲᠤᠰᠬᠠᠢ ᠮᠡᠷᠭᠡᠵᠢᠯ ᠤᠨ ᠮᠡᠳᠡᠯᠭᠡ᠂ ᠮᠡᠷᠭᠡᠵᠢᠯ ᠤᠨ ᠤᠷ᠎ᠠ ᠴᠢᠳᠠᠪᠤᠷᠢ ᠵᠡᠷᠭᠡ ᠠᠵᠢᠯ ᠮᠡᠷᠭᠡᠵᠢᠯ ᠤᠨ ᠶᠡᠷᠦᠩᠬᠡᠶᠢᠯᠡᠭᠰᠡᠨ ᠬᠡᠪ ᠴᠢᠨᠠᠷ ᠪᠠ ᠠᠵᠢᠯᠯᠠᠬᠤ ᠴᠢᠳᠠᠪᠤᠷᠢ ᠲᠠᠢ ᠪᠣᠯᠭᠠᠬᠤ ᠶᠢᠨ ᠲᠥᠯᠥᠭᠡ ᠬᠡᠷᠡᠭᠵᠢᠭᠦᠯᠦᠭᠰᠡᠨ ᠰᠤᠷᠭᠠᠨ ᠬᠥᠮᠦᠵᠢᠯ ᠢ ᠵᠢᠭᠠᠵᠤ ᠪᠠᠶᠢᠨ᠎ᠠ᠂ ᠡᠭᠦᠨ ᠳᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠪᠠᠭᠲᠠᠭᠠᠨ᠎ᠠ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠠᠴᠠ ᠠᠵᠢᠯᠳᠡᠠ ᠳᠤ ᠬᠡᠷᠡᠭᠵᠢᠭᠦᠯᠬᠦ ᠲᠤᠰᠬᠠᠢ ᠪᠣᠯᠪᠠᠰᠤᠷᠠᠭᠤᠯᠤᠯ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰ ᠲᠤ ᠨᠢ ᠲᠣᠭᠲᠠᠭᠠᠨ᠎ᠠ᠃       ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠡᠩ ᠤᠨ ᠰᠤᠷᠭᠠᠨ ᠬᠥᠮᠦᠵᠢᠯ ᠲᠠᠢ ᠠᠳᠠᠯᠢ ᠴᠢᠬᠤᠯᠠ ᠪᠠᠶᠢᠷᠢ ᠰᠠᠭᠤᠷᠢ ᠲᠠᠢ ᠰᠤᠷᠭᠠᠨ ᠬᠥᠮᠦᠵᠢᠯ ᠤᠨ ᠲᠥᠷᠥᠯ ᠬᠡᠯᠪᠡᠷᠢ᠂ ᠤᠯᠤᠰ ᠠᠷᠠᠳ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ᠴᠢᠬᠤᠯᠠ ᠪᠦᠷᠢᠯᠳᠦᠬᠦᠨ ᠬᠡᠰᠡᠭ᠂ ᠣᠯᠠᠨ ᠶᠠᠩᠵᠤ ᠶᠢᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠮᠵᠢᠯᠠᠬᠤ᠂ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠦᠰᠦᠨ ᠪᠤᠶᠢᠵᠢᠬᠤ ᠵᠢᠮ᠎ᠡ ᠶᠣᠰᠣᠨ ᠳᠤ ᠨᠡᠶᠢᠴᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠢᠮ ᠤᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠴᠢᠳᠠᠪᠤᠷᠢᠲᠠᠨ ᠪᠠ ᠤᠷ᠎ᠠ ᠴᠢᠳᠠᠪᠤᠷᠢ ᠶᠢᠨ ᠬᠦᠴᠦᠲᠡᠢ ᠲᠤᠯᠭᠠᠭᠤᠷᠢᠯᠠᠯ ᠢ ᠬᠠᠩᠭᠠᠨ᠎ᠠ᠃       ᠳᠥᠷᠪᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ᠂ ᠶᠣᠰᠣ ᠰᠤᠷᠲᠠᠬᠤᠨ ᠪᠠ ᠮᠡᠷᠭᠡᠵᠢᠯ ᠢ ᠵᠡᠷᠭᠡ ᠪᠠᠷ ᠰᠤᠷᠬᠤ ᠶᠢ ᠪᠠᠷᠢᠮᠲᠠᠯᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠬᠤ᠂ ᠰᠤᠷᠭᠠᠭᠤᠯᠢ ᠪᠠ ᠠᠵᠤ ᠠᠬᠤᠶᠢᠯᠠᠯ ᠢ ᠬᠠᠮᠲᠤᠷᠠᠯᠴᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠲᠤ ᠬᠠᠨᠳᠤᠭᠤᠯᠵᠤ᠂ ᠠᠵᠢᠯ ᠣᠯᠭᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠦᠢᠯᠡᠳᠦᠯᠭᠡ ᠳᠤ ᠬᠠᠨᠳᠤᠭᠤᠯᠵᠤ᠂ ᠴᠢᠳᠠᠪᠤᠷᠢ ᠶᠢ ᠴᠢᠩᠭᠠᠳᠬᠠᠬᠤ ᠶᠢ ᠪᠠᠷᠢᠮᠲᠠᠯᠠᠵᠤ᠂ ᠬᠥᠮᠦᠨ ᠪᠦᠬᠦᠨ ᠳᠤ ᠬᠠᠨᠳᠤᠭᠤᠯᠵᠤ᠂ ᠠᠪᠢᠶᠠᠰ ᠲᠤ ᠨᠢ ᠲᠤᠬᠢᠷᠠᠭᠤᠯᠤᠨ ᠵᠢᠭᠠᠨ ᠰᠤᠷᠭᠠᠬᠤ ᠶᠢ ᠪᠠᠷᠢᠮᠲᠠᠯᠠᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠰᠤᠷᠭᠠᠨ ᠬᠥᠮᠦᠵᠢᠯ ᠭᠦᠷᠲᠡᠭᠰᠡᠳ ᠲᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠬᠢᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠥᠮᠦᠵᠢᠭᠦᠯᠵᠦ᠂ ᠰᠢᠨᠵᠢᠯᠡᠬᠦ ᠤᠬᠠᠭᠠᠨ ᠰᠣᠶᠣᠯ ᠪᠠ ᠲᠤᠰᠬᠠᠢ ᠮᠡᠷᠭᠡᠵᠢᠯ ᠤᠨ ᠮᠡᠳᠡᠯᠭᠡ ᠶᠢ ᠤᠯᠠᠮᠵᠢᠯᠠᠵᠤ ᠂ ᠮᠡᠷᠭᠡᠵᠢᠯ ᠤᠨ ᠤᠷ᠎ᠠ ᠴᠢᠳᠠᠪᠤᠷᠢ ᠶᠢ ᠬᠥᠮᠦᠵᠢᠭᠦᠯᠵᠦ᠂ ᠠᠵᠢᠯ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠰᠤᠷᠭᠠᠨ ᠬᠥᠮᠦᠵᠢᠯ ᠭᠦᠷᠲᠡᠭᠰᠡᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃       ᠲᠠᠪᠤᠳᠤᠭᠠᠷ ᠵᠦᠢᠯ ᠠᠷᠠᠳ ᠢᠷᠭᠡᠨ ᠬᠠᠤᠯᠢ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ ᠡᠷᠬᠡ ᠲᠠᠢ᠃       ᠵᠢᠷᠭᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠬᠦ᠂ ᠱᠠᠲᠤ ᠬᠤᠪᠢᠶᠠᠨ ᠬᠠᠮᠢᠶᠠᠷᠬᠤ᠂ ᠣᠷᠣᠨ ᠨᠤᠲᠤᠭ ᠢᠶᠠᠷ ᠭᠤᠣᠯᠯᠠᠭᠤᠯᠬᠤ᠂ ᠠᠵᠢᠯ ᠲᠥᠷᠥᠯ ᠢᠶᠠᠷ ᠵᠢᠯᠣᠭᠤᠳᠬᠤ᠂ ᠰᠤᠷᠭᠠᠭᠤᠯᠢ ᠪᠠ ᠠᠵᠤ ᠠᠬᠤᠶᠢᠯᠠᠯ ᠬᠤᠷᠰᠢᠶᠠᠯᠠᠬᠤ᠂ ᠨᠡᠶᠢᠭᠡᠮ ᠤᠨ ᠬᠢᠨ ᠣᠷᠣᠯᠴᠠᠬᠤ ᠶᠢ ᠬᠡᠷᠡᠭᠵᠢᠭᠦᠯᠦᠨ᠎ᠡ᠃       ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠪᠠ ᠬᠥᠭᠵᠢᠭᠦᠯᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠠᠬᠢᠭᠤᠯᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠮᠡᠷᠭᠡᠵᠢᠯ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠡᠷᠭᠡ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠯᠤᠭ᠎ᠠ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃       ᠨᠠᠢᠮᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠦᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ᠂ ᠬᠤᠷᠸ᠎ᠠ ᠲᠠᠯ᠎ᠠ ᠠᠴᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠪᠤᠰᠤᠳ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠤᠯᠪᠤᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠲᠤᠰ ᠲᠤᠰ ᠬᠠᠷᠢᠭᠤᠴᠠᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠤᠪᠢᠶᠠᠷᠢ ᠪᠠᠷ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠳᠠᠲᠠᠶ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠨᠡᠪᠲᠡᠷᠡᠯᠴᠡᠭᠡ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠬᠠᠮᠲᠤ ᠪᠠᠷ ᠠᠬᠢᠭᠤᠯᠬᠤ ᠬᠡᠷᠡᠭᠲᠡᠢ᠃       ᠶᠢᠰᠦᠳᠦᠭᠡᠷ ᠵᠦᠢᠯ ᠤᠯᠤᠰ ᠠᠴᠠ ᠤᠯᠡᠠ ᠲᠦᠷᠦᠯ ᠤᠨ ᠲᠡᠰ ᠳᠠᠪᠬᠤᠷᠭ᠎ᠠ ᠪᠠ ᠬᠡᠯᠪᠡᠷᠢ ᠮᠠᠶ᠋ᠢᠭᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠵᠣᠷᠢᠭᠵᠢᠭᠤᠯᠵᠤ᠂ ᠤᠯᠡᠠ ᠡᠰᠢᠲᠦ ᠰᠤᠷᠭᠠᠭᠤᠯᠢ ᠡᠷᠬᠢᠯᠡᠬᠦ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠨᠡᠶᠢᠭᠡᠮ ᠤᠨ ᠬᠦᠴᠦᠨ ᠤ ᠥᠷᠭᠡᠨ ᠢᠶᠠᠷ᠂ ᠡᠷᠬᠡ ᠲᠡᠭᠰᠢ ᠪᠠᠷ ᠣᠷᠣᠯᠴᠠᠬᠤ ᠶᠢ ᠲᠡᠮᠵᠢᠨ᠎ᠡ᠃ ᠤᠯᠤᠰ ᠠᠴᠠ ᠠᠵᠤ ᠠᠬᠤᠶᠢᠯᠠᠯ ᠤᠨ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠭᠦᠨᠵᠡᠭᠡᠶ ᠣᠷᠣᠯᠴᠠᠬᠤ ᠶᠢ ᠠᠬᠢᠭᠤᠯᠵᠤ᠂ ᠠᠵᠤ ᠠᠬᠤᠶᠢᠯᠠᠯ ᠠᠴᠠ ᠴᠢᠨᠠᠷᠯᠢᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠭᠢᠯᠡᠬᠦ ᠶᠢ ᠵᠣᠷᠢᠭᠵᠢᠭᠤᠯᠤᠨ᠎ᠠ᠃ ᠬᠤᠯᠪᠤᠭᠳᠠᠬᠤ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠪᠣᠯᠤᠨ ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠡᠭᠦᠷᠭᠡ ᠪᠠᠨ ᠬᠠᠤᠯᠢ ᠶᠣᠰᠤ ᠪᠠᠷ ᠭᠦᠢᠴᠡᠳᠬᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠯᠴᠠᠵᠤ᠂ ᠳᠡᠮᠵᠢᠬᠦ ᠪᠤᠶᠤ ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠥᠷᠨᠢᠭᠦᠯᠦᠨ᠎ᠡ᠃       ᠠᠷᠪᠠᠳᠤᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠢᠯᠴᠢᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠠᠴᠠ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠬᠢᠯᠡᠬᠦ ᠶᠢ ᠳᠡᠮᠵᠢᠵᠦ᠂ ᠲᠠᠷᠢᠶᠠᠯᠠᠩ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ ᠢ ᠬᠥᠮᠦᠵᠢᠭᠦᠯᠦᠨ᠎ᠡ᠃ ᠤᠯᠤᠰ ᠠᠴᠠ ᠠᠷᠭ᠎ᠠ ᠬᠡᠮᠵᠢᠶ᠎ᠡ ᠠᠪᠴᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠵᠠᠬ᠎ᠠ ᠬᠢᠵᠠᠭᠠᠷ ᠣᠷᠣᠨ᠂ ᠬᠥᠭᠵᠢᠭᠡᠳᠦᠢ ᠭᠠᠵᠠᠷ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠲᠡᠳᠬᠦᠨ ᠲᠡᠮᠵᠢᠨ᠎ᠠ᠃ ᠤᠯᠤᠰ ᠠᠴᠠ ᠠᠷᠭ᠎ᠠ ᠬᠡᠮᠵᠢᠶ᠎ᠡ ᠠᠪᠴᠤ ᠡᠯ᠎ᠡ ᠲᠥᠷᠥᠯ ᠤᠨ ᠠᠵᠢᠯ ᠤᠨ ᠪᠠᠶᠢᠷᠢ ᠰᠢᠯᠵᠢᠬᠦ᠂ ᠳᠠᠬᠢᠨ ᠠᠵᠢᠯ ᠣᠯᠬᠤ᠂ ᠠᠵᠢᠯ ᠠᠯᠳᠠᠭᠰᠠᠳ ᠵᠢᠴᠢ ᠣᠨᠴᠠᠭᠠᠢ ᠬᠥᠮᠦᠰ ᠵᠡᠷᠭᠡ ᠶᠢᠨ ᠡᠯ᠎ᠡ ᠵᠦᠢᠯ ᠤᠨ ᠬᠡᠯᠪᠡᠷᠢ ᠮᠠᠶ᠋ᠢᠭᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠬᠦ ᠶᠢ ᠵᠣᠬᠢᠶᠠᠨ ᠪᠠᠶᠢᠭᠤᠯᠵᠤ᠂ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠳᠡᠮᠵᠢᠨ᠎ᠡ᠃ ᠤᠯᠤᠰ ᠠᠴᠠ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ ᠡᠷᠬᠡ ᠶᠢ ᠪᠠᠲᠤᠯᠠᠨ᠎ᠠ᠃       ᠠᠷᠪᠠᠨ ᠨᠢᠭᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠵᠢᠯ ᠮᠡᠷᠭᠡᠵᠢᠯ ᠤᠨ ᠠᠩᠭᠢᠯᠠᠯ᠂ ᠠᠵᠢᠯ ᠮᠡᠷᠭᠡᠵᠢᠯ ᠤᠨ ᠪᠠᠷᠢᠮᠵᠢᠶ᠎ᠠ᠂ ᠠᠵᠢᠯ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠰᠤᠷᠭᠠᠨ ᠬᠥᠮᠦᠵᠢᠯ ᠤᠨ ᠪᠠᠷᠢᠮᠵᠢᠶ᠎ᠠ ᠪᠤᠶᠤ ᠪᠣᠯᠪᠠᠰᠤᠷᠠᠭᠤᠯᠤᠯ ᠤᠨ ᠲᠥᠰᠦᠯ ᠢ ᠲᠣᠭᠲᠠᠭᠠᠵᠤ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠵᠢᠴᠢ ᠪᠤᠰᠤᠳ ᠰᠤᠷᠤᠯᠭ᠎ᠠ ᠶᠢᠨ ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠎ᠡ᠃ ᠤᠯᠤᠰ ᠠᠴᠠ ᠬᠥᠳᠡᠯᠮᠦᠷᠢᠴᠢᠳ ᠲᠤ ᠠᠵᠢᠯ ᠤᠯᠬᠤ ᠠᠴᠠ ᠡᠮᠦᠨ᠎ᠡ ᠪᠤᠶᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠴᠢᠬᠤᠯᠠ ᠪᠦᠬᠦᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ ᠲᠦᠷᠢᠮ ᠢ ᠬᠡᠷᠡᠭᠵᠢᠭᠦᠯᠦᠨ᠎ᠡ᠃       ᠠᠷᠪᠠᠨ ᠬᠤᠶᠠᠳᠤᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠨᠡᠶᠢᠭᠡᠮ ᠤᠨ ᠪᠠᠶᠢᠷᠢ ᠰᠠᠭᠤᠷᠢ ᠪᠠ ᠬᠠᠷᠠᠭᠠᠯᠵᠠᠯ ᠢ ᠳᠡᠭᠡᠭᠰᠢᠯᠡᠭᠦᠯᠵᠦ᠂ ᠬᠥᠳᠡᠯᠮᠦᠷᠢ ᠢᠷᠠᠭᠤ ᠠᠯᠳᠠᠷᠲᠠᠢ᠂ ᠴᠢᠳᠠᠪᠤᠷᠢ ᠡᠷᠬᠢᠮ ᠨᠠᠨᠳᠢᠨ᠂ ᠡᠭᠦᠳᠦᠯᠲᠡ ᠠᠭᠤᠤ ᠶᠡᠭᠡ ᠭᠡᠬᠦ ᠴᠠᠭ ᠦᠶ᠎ᠡ ᠶᠢᠨ ᠬᠡᠪ ᠰᠤᠷᠲᠠᠯ ᠢ ᠪᠠᠳᠠᠷᠠᠭᠤᠯᠤᠨ᠎ᠠ᠃ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠳᠤ ᠪᠠᠨ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠤᠯᠪᠤᠭᠳᠠᠬᠤ ᠲᠣᠭᠲᠠᠭᠠᠯ ᠶᠣᠰᠤ ᠪᠠᠷ ᠬᠥᠬᠢᠭᠦᠯᠦᠨ ᠱᠠᠩᠨᠠᠨ᠎ᠠ᠃ ᠵᠢᠯ ᠪᠦᠷᠢ ᠶᠢᠨ 5 ᠳ᠋ᠤᠭᠠᠷ ᠰᠠᠷ᠎ᠠ ᠶᠢᠨ ᠬᠤᠶᠠᠳᠤᠭᠠᠷ ᠭᠠᠷᠠᠭ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠪᠣᠯᠭᠠᠪᠠ᠃ ᠠᠷᠪᠠᠨ ᠭᠤᠷᠪᠠᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠭᠠᠳᠠᠭᠠᠳᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ ᠴᠢᠨᠠᠷᠯᠢᠭ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠳᠡᠮᠵᠢᠵᠦ᠂ ᠨᠥᠬᠦᠴᠡᠯ ᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠬᠢᠨ ᠬᠢᠯᠢ ᠶᠢᠨ ᠭᠠᠳᠠᠨ᠎ᠠ ᠣᠴᠢᠵᠤ ᠰᠤᠷᠭᠠᠭᠤᠯᠢ ᠡᠷᠬᠢᠯᠡᠬᠦ ᠶᠢ ᠵᠣᠷᠢᠭᠵᠢᠭᠤᠯᠵᠤ᠂ ᠤᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠠᠷᠢᠯᠴᠠᠨ ᠮᠡᠳᠡᠷᠡᠬᠦ ᠶᠢ ᠳᠡᠮᠵᠢᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ