2 ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾
ᠨᠡᠶᠢᠲᠡᠯᠡᠭᠰᠡᠨ ᠴᠠᠭ᠄
2025/1/13
       ᠬᠤᠶᠠᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ       ᠠᠷᠪᠠᠨ ᠳᠥᠷᠪᠡᠳᠦᠭᠡᠷ ᠵᠦᠢᠯ ᠤᠯᠤᠰ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠭᠦᠨᠵᠡᠭᠡᠢ ᠠᠭᠤᠰᠬᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡ ᠪᠠᠷ ᠴᠢᠬᠤᠯᠠᠴᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠢ ᠠᠭᠤᠰᠬᠠᠨ ᠨᠡᠪᠲᠡᠷᠡᠭᠦᠯᠵᠦ᠂ ᠠᠳᠠᠯᠢ ᠪᠤᠰᠤ ᠳᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠦᠲᠦᠮᠵᠢᠲᠡᠢ ᠨᠡᠪᠲᠡᠷᠡᠭᠦᠯᠵᠦ᠂ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠳᠤ ᠦᠢᠯᠡᠴᠢᠯᠡᠬᠦ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠯᠤᠰ ᠠᠴᠠ ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠠᠷᠠᠭᠠᠬᠢ ᠠᠳᠠᠯᠢ ᠪᠤᠰᠤ ᠱᠠᠲᠤᠨ ᠤ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠤᠨ᠎ᠠ᠃       ᠠᠷᠪᠠᠨ ᠲᠠᠪᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠭᠡᠵᠦ ᠬᠤᠪᠢᠶᠠᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠭᠡᠳᠦ ᠵᠡᠷᠭᠡ ᠶᠢᠨ ᠳᠤᠮᠳᠠ ᠵᠡᠷᠭᠡ ᠶᠢᠨ ᠰᠤᠷᠭᠠᠨ ᠬᠥᠮᠦᠵᠢᠯ ᠤᠨ ᠳᠡᠰ ᠳᠠᠪᠬᠤᠷᠭᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠪᠠᠭᠲᠠᠭᠠᠨ᠎ᠠ︶ ᠠᠴᠠ ᠬᠡᠷᠡᠭᠵᠢᠭᠦᠯᠦᠨ᠎ᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠲᠤᠰᠬᠠᠢ ᠮᠡᠷᠭᠡᠵᠢᠯ᠂ ᠦᠨᠳᠦᠰᠦᠨ ᠠᠩᠬᠢ ᠵᠢᠴᠢ ᠲᠡᠭᠦᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠲᠡᠰ ᠳᠠᠪᠬᠤᠷᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠡᠩ ᠤᠨ ᠳᠡᠭᠡᠳᠦ ᠰᠤᠷᠭᠠᠭᠤᠯᠢ ᠠᠴᠠ ᠬᠡᠷᠡᠭᠵᠢᠭᠦᠯᠦᠨ᠎ᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠦᠷᠢᠮ ᠤᠨ ᠲᠣᠭᠲᠠᠭᠠᠯ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠮᠠᠰᠲ᠋ᠧᠷ ᠤᠨ ᠳᠡᠭᠡᠳᠦ ᠰᠤᠷᠭᠠᠭᠤᠯᠢ ᠶᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠰᠠᠯ ᠳᠤ ᠣᠷᠣᠭᠤᠯᠤᠨ᠎ᠠ᠃ ᠪᠤᠰᠤᠳ ᠰᠤᠷᠭᠠᠭᠤᠯᠢ᠂ ᠰᠤᠷᠭᠠᠨ ᠬᠥᠮᠦᠵᠢᠯ ᠤᠨ ᠪᠠᠶᠢᠭᠤᠯᠤᠮᠵᠢ ᠪᠤᠶᠤ ᠨᠥᠬᠦᠴᠡᠯ ᠳᠤ ᠨᠡᠶᠢᠴᠡᠬᠦ ᠠᠵᠤ ᠠᠬᠤᠶᠢᠯᠠᠯ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠵᠢᠭᠦᠯᠭᠡ ᠶᠣᠰᠤ ᠪᠠᠷ ᠬᠠᠷᠠᠭᠠᠯᠵᠠᠭᠰᠠᠨ ᠳᠡᠰ ᠳᠠᠪᠬᠤᠷᠭᠠᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠬᠡᠷᠡᠭᠵᠢᠭᠦᠯᠬᠦ ᠪᠤᠶᠤ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠳᠤ ᠣᠷᠣᠭᠤᠯᠤᠭᠰᠠᠨ ᠰᠤᠷᠤᠯᠭ᠎ᠠ ᠶᠢᠨ ᠬᠤᠪᠢ ᠶᠢᠨ ᠬᠢᠴᠢᠶᠡᠯ ᠢ ᠬᠠᠩᠭᠠᠵᠤ ᠪᠣᠯᠤᠨ᠎ᠠ᠃       ᠠᠷᠪᠠᠨ ᠵᠢᠷᠭᠤᠳᠤᠭᠠᠷ ᠵᠦᠢᠯ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠠᠵᠢᠯ ᠣᠯᠬᠤ ᠠᠴᠠ ᠡᠮᠦᠨᠡᠬᠢ ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠳᠠᠬᠢᠨ ᠠᠵᠢᠯ ᠣᠯᠬᠤ ᠪᠣᠯᠪᠠᠰᠤᠷᠠᠭᠤᠯᠤᠯ ᠵᠢᠴᠢ ᠪᠤᠰᠤᠳ ᠡᠷᠬᠢᠯᠡᠭᠰᠡᠨ ᠠᠵᠢᠯ ᠤᠨ ᠴᠢᠨᠠᠷᠲᠠᠶ ᠪᠣᠯᠪᠠᠰᠤᠷᠠᠭᠤᠯᠤᠯ ᠢ ᠪᠠᠭᠲᠠᠭᠠᠨ᠎ᠠ᠂ ᠪᠣᠳᠠᠲᠤ ᠪᠠᠶᠢᠳᠠᠯ ᠢᠶᠠᠨ ᠦᠨᠳᠦᠰᠦᠯᠡᠨ ᠳᠡᠰ ᠬᠤᠪᠢᠶᠠᠨ ᠲᠥᠷᠥᠯ ᠬᠤᠪᠢᠶᠠᠨ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠴᠠᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠭᠤᠯᠢ ᠠᠴᠠ ᠬᠡᠷᠡᠭᠵᠢᠭᠦᠯᠦᠨ᠎ᠡ᠃ ᠪᠤᠰᠤᠳ ᠰᠤᠷᠭᠠᠭᠤᠯᠢ ᠪᠤᠶᠤ ᠰᠤᠷᠭᠠᠨ ᠬᠥᠮᠦᠵᠢᠯ ᠤᠨ ᠪᠠᠶᠢᠭᠤᠯᠤᠮᠵᠢ ᠵᠢᠴᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠰᠤᠷᠭᠠᠭᠤᠯᠢ ᠡᠷᠬᠢᠯᠡᠬᠦ ᠴᠢᠳᠠᠪᠤᠷᠢ᠂ ᠨᠡᠶᠢᠭᠡᠮ ᠤᠨ ᠬᠡᠷᠡᠭᠴᠡᠭᠡ ᠪᠠᠨ ᠦᠨᠳᠦᠰᠦᠯᠡᠨ ᠨᠡᠶᠢᠭᠡᠮ ᠳᠤ ᠬᠠᠨᠳᠤᠭᠤᠯᠤᠭᠰᠠᠨ᠂ ᠣᠯᠠᠨ ᠵᠦᠢᠯ ᠤᠨ ᠬᠡᠯᠪᠡᠷᠢ ᠮᠠᠶ᠋ᠢᠭᠲᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠬᠠᠤᠯᠢ ᠶᠣᠰᠤ ᠪᠠᠷ ᠥᠷᠨᠢᠭᠦᠯᠵᠦ ᠪᠣᠯᠤᠨ᠎ᠠ᠃       ᠠᠷᠪᠠᠨ ᠳᠣᠯᠣᠳᠤᠭᠠᠷ ᠵᠦᠢᠯ ᠤᠯᠤᠰ ᠠᠴᠠ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠤᠯᠭ᠎ᠠ ᠶᠢᠨ ᠬᠤᠪᠢ᠂ ᠬᠢᠷᠢ ᠬᠡᠮ ᠵᠢᠴᠢ ᠰᠤᠷᠤᠯᠭ᠎ᠠ ᠶᠢᠨ ᠪᠤᠰᠤᠳ ᠦᠷ᠎ᠡ ᠪᠦᠲᠦᠭᠡᠯ ᠢ ᠭᠡᠷᠡᠴᠢᠯᠡᠬᠦ᠂ ᠬᠤᠷᠠᠮᠳᠤᠭᠤᠯᠬᠤ ᠪᠠ ᠬᠤᠪᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠬᠤᠪᠢ ᠶᠢᠨ ᠪᠠᠩᠬᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠠᠭᠤᠰᠤᠯᠴᠠᠨ ᠨᠡᠪᠲᠡᠷᠡᠬᠦ᠂ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠴᠡᠷᠢᠭ ᠠᠩᠭᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠢ ᠭᠡᠷᠡᠴᠢᠯᠡᠬᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠦᠨᠡᠯᠡᠬᠦ ᠳᠣᠭᠲᠠᠯᠴᠠᠭᠠᠨ ᠳᠤ ᠣᠷᠣᠭᠤᠯᠤᠨ᠎ᠠ᠃       ᠠᠷᠪᠠᠨ ᠨᠠᠢᠮᠠᠳᠤᠭᠠᠷ ᠵᠦᠢᠯ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠵᠡᠮᠳᠡᠭᠴᠦᠳ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠬᠡᠷᠡᠭᠵᠢᠭᠦᠯᠬᠦ ᠠᠴᠠ ᠭᠠᠳᠠᠨ᠎ᠠ ᠡᠯ᠎ᠡ ᠱᠠᠲᠤᠨ ᠤ ᠡᠯ᠎ᠡ ᠲᠥᠷᠥᠯ ᠤᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠵᠡᠮᠳᠡᠭ ᠰᠣᠷᠣᠭᠴᠢ ᠶᠢ ᠭᠥᠯᠢᠶᠡᠨ ᠠᠪᠬᠤ ᠶᠢᠨ ᠬᠠᠮᠲᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠵᠡᠮᠳᠡᠭ ᠰᠣᠷᠣᠭᠴᠢ ᠶᠢᠨ ᠰᠤᠷᠤᠯᠭ᠎ᠠ ᠪᠠ ᠠᠮᠢᠳᠤᠷᠠᠯ ᠳᠤ ᠴᠢᠬᠤᠯᠠ ᠪᠥᠬᠦᠶ ᠬᠠᠪᠰᠤᠷᠤᠯᠭ᠎ᠠ ᠪᠣᠯᠤᠨ ᠲᠥᠬᠦᠮ ᠦᠵᠡᠭᠦᠯᠦᠨ᠎ᠡ᠃ ᠤᠯᠤᠰ ᠠᠴᠠ ᠠᠷᠭ᠎ᠠ ᠬᠡᠮᠵᠢᠶ᠎ᠡ ᠠᠪᠴᠤ ᠵᠡᠮᠳᠡᠭᠴᠦᠳ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠬᠦ ᠪᠤᠶᠤ ᠬᠠᠮᠲᠤᠷᠠᠨ ᠥᠷᠨᠢᠭᠦᠯᠬᠦ ᠶᠢ ᠳᠡᠮᠵᠢᠨ᠎ᠡ᠃ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠷᠬᠢᠯᠡᠵᠦ ᠪᠠᠶᠢᠭ᠎ᠠ ᠣᠨᠴᠠᠭᠠᠢ ᠰᠤᠷᠭᠠᠨ ᠬᠥᠮᠦᠵᠢᠯ ᠤᠨ ᠪᠠᠭᠰᠢ ᠨᠠᠷ ᠲᠣᠭᠲᠠᠭᠠᠯ ᠶᠣᠰᠤ ᠪᠠᠷ ᠣᠨᠴᠠᠭᠠᠢ ᠰᠤᠷᠭᠠᠨ ᠬᠥᠮᠦᠵᠢᠯ ᠤᠨ ᠨᠡᠮᠡᠭᠦᠷᠢ ᠶᠢ ᠬᠦᠷᠲᠡᠨ᠎ᠡ᠃       ᠠᠷᠪᠠ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠡᠩ ᠤᠨ ᠳᠤᠮᠳᠠᠳᠤ ᠪᠠᠭ᠎ᠠ ᠰᠤᠷᠭᠠᠭᠤᠯᠢ᠂ ᠡᠩ ᠤᠨ ᠳᠡᠭᠡᠳᠦ ᠰᠤᠷᠭᠠᠭᠤᠯᠢ ᠶᠢᠨ ᠬᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠲᠠᠢ ᠬᠤᠯᠪᠤᠭᠳᠠᠬᠤ ᠵᠢᠭᠠᠨ ᠰᠤᠷᠭᠠᠬᠤ ᠠᠭᠤᠯᠭ᠎ᠠ ᠶᠢ ᠨᠡᠮᠡᠵᠦ᠂ ᠠᠵᠢᠯ ᠮᠡᠷᠭᠡᠵᠢᠯ ᠤᠨ ᠰᠡᠩᠬᠡᠷᠡᠭᠦᠯᠦᠯ᠂ ᠠᠵᠢᠯ ᠮᠡᠷᠭᠡᠵᠢᠯ ᠤᠨ ᠲᠠᠨᠢᠨ ᠮᠡᠳᠡᠬᠦᠢ᠂ ᠠᠵᠢᠯ ᠮᠡᠷᠭᠡᠵᠢᠯ ᠢ ᠪᠡᠶᠡᠴᠢᠯᠡᠨ ᠣᠶᠢᠯᠠᠭᠠᠬᠤ᠂ ᠠᠵᠢᠯ ᠮᠡᠷᠭᠡᠵᠢᠯ ᠤᠨ ᠲᠥᠯᠥᠪᠵᠢᠭᠦᠯᠭᠡ ᠶᠢ ᠵᠢᠯᠣᠭᠤᠳᠬᠤ᠂ ᠬᠥᠳᠡᠯᠮᠦᠷᠢ ᠶᠢᠨ ᠬᠥᠮᠦᠵᠢᠯ ᠢ ᠥᠷᠨᠢᠭᠦᠯᠬᠦ ᠶᠢ ᠵᠣᠷᠢᠭᠵᠢᠭᠤᠯᠤᠨ ᠳᠡᠮᠵᠢᠬᠦ ᠶᠢᠨ ᠬᠠᠮᠲᠤ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠤ ᠠᠬᠤᠶᠢᠯᠠᠯ ᠪᠠ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠵᠡᠷᠭᠡ ᠶᠢ ᠵᠣᠬᠢᠶᠠᠨ ᠪᠠᠶᠢᠭᠤᠯᠤᠨ ᠬᠦᠲᠦᠯᠦᠨ ᠵᠢᠯᠣᠭᠤᠳᠴᠤ ᠨᠥᠬᠦᠴᠡᠯ ᠪᠠ ᠳᠡᠮᠵᠢᠯᠭᠡ ᠬᠠᠩᠭᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ