ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠠᠪᠤᠨ ᠵᠦᠢᠯ ᠤᠨ ᠠᠷᠭ᠎ᠠ ᠪᠠᠷ ᠦᠭᠡ ᠬᠡᠯᠡ ᠥᠰᠥᠭ ᠪᠢᠴᠢᠭ ᠤᠨ ᠠᠵᠢᠯ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/1/14
       ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠦᠭᠡ ᠬᠡᠯᠡ ᠥᠰᠥᠭ ᠪᠢᠴᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠶᠡᠬᠡᠪᠡᠷ ᠳᠡᠯᠭᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ ᠠᠵᠢᠯ ᠤᠨ ᠪᠣᠳᠠᠲᠠᠢ ᠳᠠᠭᠠᠨ ᠰᠠᠭᠤᠷᠢᠯᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠲᠠᠰᠤᠷᠠᠯᠲᠠ ᠦᠭᠡᠢ ᠴᠢᠩᠭᠠᠳᠬᠠᠪᠠ᠃       ᠨᠢᠭᠡ ᠳᠤ ᠨᠡᠶᠢᠲᠡᠯᠢᠭ ᠬᠡᠯᠡᠨ ᠤ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠰᠢᠯᠭᠠᠯᠲᠠ ᠪᠠᠷ ᠭᠠᠷᠳᠠᠴᠠ ᠪᠣᠯᠭᠠᠵᠤ᠂ ᠠᠯᠪᠠᠨ ᠲᠤᠰᠢᠶᠠᠯᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠤ ᠬᠡᠷᠡᠭᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠡᠶᠢᠲᠡᠯᠢᠭ ᠬᠡᠯᠡᠨ ᠤ ᠦᠨᠡᠮᠯᠡᠯ ᠲᠠᠢ ᠬᠥᠮᠥᠰ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠲᠡᠯᠢᠭ ᠬᠡᠯᠡᠨ ᠤ ᠬᠢᠷᠢ ᠲᠦᠪᠰᠢᠨ ᠤ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠨᠢᠭᠡᠳᠦᠭᠡᠷ ᠹᠷᠣᠨᠲ ᠤᠨ ᠪᠠᠭᠰᠢ᠂ ᠵᠢᠭᠠᠨ ᠰᠤᠳᠤᠯᠤᠭᠴᠢ ᠶᠢ ᠵᠣᠬᠢᠶᠠᠨ ᠪᠠᠶᠢᠭᠤᠯᠵᠤ ᠲᠥᠪ ᠤᠨ ᠨᠡᠶᠢᠲᠡᠯᠢᠭ ᠬᠡᠯᠡᠨ ᠤ ᠳᠠᠪᠲᠠᠨ ᠪᠣᠯᠪᠠᠰᠤᠷᠠᠬᠤ ᠠᠩᠭᠢ ᠶᠢᠨ ᠪᠣᠯᠪᠠᠰᠤᠷᠠᠯ᠂ ᠳᠤᠮᠳᠠᠳᠤ ᠶᠢᠨ ᠰᠣᠩᠭᠤᠳᠠᠭ ᠵᠣᠬᠢᠶᠠᠯ ᠤᠨ ᠤᠩᠰᠢᠯᠭ᠎ᠠ ᠶᠢᠨ ᠰᠦᠯᠵᠢᠶᠡᠨ ᠤ ᠲᠤᠰᠬᠠᠢ ᠪᠣᠯᠪᠠᠰᠤᠷᠠᠯ᠂ ᠳᠤᠮᠳᠠᠳᠤ ᠶᠢᠨ ᠰᠣᠩᠭᠤᠳᠠᠭ ᠵᠣᠬᠢᠶᠠᠯ ᠤᠨ ᠤᠩᠰᠢᠯᠭ᠎ᠠ ᠶᠢᠨ ᠭᠤᠣᠯᠯᠠᠭᠴᠢ ᠪᠠᠭᠰᠢ ᠶᠢᠨ ᠪᠣᠯᠪᠠᠰᠤᠷᠠᠯ ᠳᠤ ᠣᠷᠣᠯᠴᠠᠭᠤᠯᠵᠤ᠂ 1 ᠬᠤᠭᠤᠴᠠᠭ᠎ᠠ ᠠᠯᠪᠠᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠤ ᠪᠣᠯᠪᠠᠰᠤᠷᠠᠯ᠂ 2 ᠬᠤᠭᠤᠴᠠᠭ᠎ᠠ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠶᠢ  ᠥᠷᠨᠢᠭᠦᠯᠵᠦ᠂ 202 ᠬᠥᠮᠥᠨ ᠤᠳᠠᠭ᠎ᠠ ᠰᠢᠯᠭᠠᠯᠲᠠ ᠳᠤ ᠣᠷᠣᠯᠴᠠᠵᠠᠢ᠃       ᠬᠤᠶᠠᠷ ᠲᠤ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠤᠬᠠᠭᠤᠯᠤᠨ ᠲᠦᠭᠡᠮᠡᠯᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶ᠎ᠠ ᠳᠤ ᠬᠦᠷᠦᠭᠦᠯᠬᠦ ᠰᠤᠷᠭᠠᠭᠤᠯᠢ ᠶᠢᠨ ᠡᠭᠦᠳᠦᠨ ᠪᠠᠶᠢᠭᠤᠯᠬᠤ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠦᠭᠡ ᠬᠡᠯᠡ ᠥᠰᠥᠭ ᠪᠢᠴᠢᠭ ᠤᠨ ᠠᠵᠢᠯ ᠤᠨ ᠳᠦᠷᠢᠮᠵᠢᠭᠦᠯᠦᠯᠲᠡ ᠪᠠᠷᠢᠮᠵᠢᠶ᠎ᠠ ᠳᠤ ᠬᠦᠷᠦᠭᠦᠯᠬᠦ ᠰᠤᠷᠭᠠᠭᠤᠯᠢ ᠶᠢᠨ ᠪᠠᠶᠢᠭᠤᠯᠤᠯᠲᠠ ᠶᠢ ᠠᠬᠢᠭᠤᠯᠪᠠ᠃ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠨᠡᠶᠢᠲᠡ 37 ᠪᠣᠶ᠃ ᠣᠳᠣᠬᠠᠨ ᠳᠤ ᠬᠤᠰᠢᠭᠤᠨ ᠤ ᠳᠣᠲᠣᠭᠠᠳᠤ ᠳᠤ ᠬᠤᠲᠠ ᠶᠢᠨ ᠲᠠᠰ ᠤᠨ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ 5᠂ ᠬᠤᠰᠢᠭᠤᠨ ᠤ ᠲᠠᠰ ᠤᠨ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ 16᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠶᠢᠨ ᠪᠠᠷᠢᠮᠵᠢᠶ᠎ᠠ ᠳᠤ ᠭᠦᠷᠦᠭᠰᠡᠨ ᠰᠤᠷᠭᠠᠭᠤᠯᠢ 16 ᠪᠠᠶᠢᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠶᠢᠨ ᠪᠠᠷᠢᠮᠵᠢᠶ᠎ᠠ ᠳᠤ ᠭᠦᠷᠦᠭᠰᠡᠨ ᠰᠤᠷᠭᠠᠭᠤᠯᠢ ᠶᠢᠨ ᠬᠠᠷᠢᠴᠠᠯ ᠨᠢᠭᠡᠨᠲᠡ 100% ᠳᠤ ᠭᠦᠷᠦᠭᠰᠡᠨ ᠪᠠᠶᠢᠨ᠎ᠠ᠃       ᠭᠤᠷᠪᠠ ᠳᠤ ᠲᠦᠷᠦᠯ ᠵᠦᠢᠯᠳᠦ ᠰᠤᠷᠭᠠᠭᠤᠯᠢ ᠶᠢᠨ ᠪᠠᠶᠢᠭᠤᠯᠤᠯᠲᠠ ᠪᠠᠷ ᠳᠠᠮᠵᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃ ᠪᠣᠯᠪᠠᠰᠣᠷᠠᠯ ᠢᠶᠠᠷ ᠵᠢᠭᠠᠨ ᠰᠣᠷᠭᠠᠯᠲᠠ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠥᠷᠥᠯ ᠵᠦᠢᠯ ᠤᠨ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ  ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠰᠤᠷᠭᠠᠭᠤᠯᠢ ᠶᠢᠨ ᠪᠠᠭᠰᠢ ᠶᠢ ᠵᠣᠬᠢᠶᠠᠨ ᠪᠠᠶᠢᠭᠤᠯᠤᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠰᠢᠯᠢᠳᠡᠭ ᠵᠢᠭᠠᠨ ᠰᠤᠷᠭᠠᠯᠲᠠ ᠶᠢᠨ ᠬᠢᠴᠢᠶᠡᠯ ᠤᠨ ᠵᠢᠱᠢᠶ᠎ᠡ ᠶᠢ ᠡᠯᠰᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠨᠡᠶᠢᠲᠡ 10 ᠰᠢᠯᠢᠳᠡᠭ ᠬᠢᠴᠢᠶᠡᠯ ᠤᠨ ᠵᠢᠱᠢᠶ᠎ᠡ ᠶᠢ ᠳᠡᠭᠡᠭᠰᠢ ᠮᠡᠳᠡᠭᠦᠯᠵᠦ᠂ ᠬᠤᠲᠠ ᠶᠢᠨ ᠲᠠᠰ ᠤᠨ ᠰᠢᠯᠭᠠᠷᠠᠭᠤᠯᠤᠯᠲᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠭᠠᠷᠠᠭᠤᠯᠤᠯᠲᠠ ᠳᠤ ᠣᠷᠣᠵᠤ᠂ ᠨᠢᠭᠡᠳᠦᠭᠡᠷ ᠳᠡᠰ ᠤᠨ ᠱᠠᠩᠨᠠᠯ 1 ᠬᠥᠮᠥᠨ᠂ ᠬᠤᠶᠠᠳᠤᠭᠠᠷ ᠳᠡᠰ ᠤᠨ ᠱᠠᠩᠨᠠᠯ 5 ᠬᠥᠮᠥᠨ᠂ ᠭᠤᠷᠪᠠᠳᠤᠭᠠᠷ ᠳᠡᠰ ᠤᠨ ᠱᠠᠩᠨᠠᠯ 1 ᠬᠥᠮᠥᠨ ᠢᠷᠠᠭᠤ ᠠᠯᠳᠠᠷ ᠭᠥᠷᠳᠡᠪᠡ᠃ ᠳᠤᠮᠳᠠᠳᠤ ᠪᠠᠭ᠎ᠠ ᠰᠤᠷᠭᠠᠭᠤᠯᠢ  ᠪᠠ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠶᠢ ᠬᠢᠨᠠᠨ ᠰᠢᠯᠭᠠᠬᠤ ᠡᠭᠦᠷᠭᠡ ᠶᠢᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠵᠢᠴᠢ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠬᠢᠨᠠᠨ ᠰᠢᠯᠭᠠᠯᠲᠠ ᠶᠢ ᠨᠡᠶᠢᠳᠡ 4 ᠪᠦᠯᠦᠭ ᠤᠳᠠᠭ᠎ᠠ ᠪᠡᠶᠡᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢ ᠨᠡᠶᠢᠳᠡ 1345 ᠬᠥᠮᠥᠨ ᠤᠳᠠᠭ᠎ᠠ ᠬᠢᠨᠠᠨ ᠰᠢᠯᠭᠠᠪᠠ᠂ ᠡᠭᠦᠨ ᠳᠤ ᠪᠠᠭ᠎ᠠ ᠰᠤᠷᠭᠠᠭᠤᠯᠢ 869 ᠬᠥᠮᠥᠨ ᠤᠳᠠᠭ᠎ᠠ᠂ ᠳᠤᠮᠳᠠᠳᠤ ᠰᠤᠷᠭᠠᠭᠤᠯᠢ 476 ᠬᠥᠮᠥᠨ ᠤᠳᠠᠭ᠎ᠠ᠂ ᠰᠤᠷᠬᠤ ᠨᠠᠰᠤᠨ ᠠᠴᠠ ᠡᠮᠦᠨᠡᠬᠢ ᠬᠡᠦᠬᠡᠳ 1383 ᠬᠥᠮᠥᠨ ᠤᠳᠠᠭ᠎ᠠ ᠪᠤᠢ᠃ ᠬᠢᠨᠠᠨ ᠰᠢᠯᠭᠠᠭᠰᠠᠨ ᠪᠠᠭᠰᠢ ᠨᠡᠶᠢᠲᠡ 401 ᠬᠥᠮᠥᠨ ᠤᠳᠠᠭ᠎ᠠ ᠪᠠᠶᠢᠵᠤ᠂ ᠯᠠᠪᠯᠠᠯᠲᠠ ᠶᠢᠨ ᠨᠣᠷᠮ᠎ᠠ 99.8%᠂ ᠯᠠᠪᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 84.8%᠂ ᠰᠢᠯᠢᠳᠡᠭ ᠨᠣᠷᠮ᠎ᠠ 84.6%᠂ ᠲᠣᠰ ᠵᠢᠯ ᠤᠨ ᠬᠢᠨᠠᠨ ᠰᠢᠯᠭᠠᠬᠤ ᠡᠭᠦᠷᠭᠡ ᠶᠢ ᠪᠦᠬᠦᠨ ᠢ ᠪᠡᠶᠡᠯᠡᠭᠦᠯᠪᠡ᠃       ᠳᠥᠷᠪᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠳᠤ ᠥᠷᠭᠡᠨ ᠢᠶᠠᠷ ᠣᠷᠣᠯᠴᠠᠬᠤ ᠶᠢ ᠨᠥᠯᠥᠭᠡᠯᠡᠨ ᠲᠠᠶᠢᠴᠢᠯᠠᠪᠠ᠃ ᠲᠣᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠢᠳᠡᠪᠬᠢᠲᠡᠢ ᠪᠠᠷ ᠵᠣᠬᠢᠴᠠᠭᠤᠯᠤᠨ ᠬᠥᠲᠥᠯᠥᠨ ᠵᠢᠯᠤᠭᠤᠳᠴᠤ᠂ ᠪᠥᠬᠦ ᠠᠷᠠᠳ ᠤᠨ ᠤᠩᠰᠢᠯᠭ᠎ᠠ ᠶᠢ ᠥᠷᠭᠡᠨ ᠢᠶᠠᠷ ᠥᠷᠨᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠲᠠᠢ ᠬᠠᠮᠲᠤᠷᠠᠨ ᠨᠣᠮ ᠤᠩᠰᠢᠵᠤ ᠬᠤᠪᠢᠶᠠᠯᠴᠠᠨ ᠡᠳ᠋ᠯᠡᠬᠦ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠯᠧᠺᠼᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ 4 ᠤᠳᠠᠭ᠎ᠠ ᠥᠷᠨᠢᠭᠦᠯᠪᠡ︔ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠢ ᠬᠤᠯᠪᠤᠭᠠᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠰᠤᠷᠭᠠᠭᠤᠯᠢ ᠳᠤ ᠣᠷᠣᠬᠤ︾ ᠰᠢᠷᠢᠰ ᠠᠵᠢᠯᠯᠠᠭ᠎ᠠ ᠵᠢᠴᠢ ︽ᠰᠠᠶᠢᠺ ᠡᠸᠡᠩᠭᠢ ᠦᠵᠡᠯ ᠰᠡᠳᠬᠢᠯ ᠢᠶᠠᠨ ᠨᠢᠭᠡᠳᠭᠡᠨ ᠪᠢᠴᠢᠬᠠᠨ ᠶᠠᠷᠢᠭᠴᠢ ᠲᠠᠢ ᠬᠠᠮᠲᠤ ᠳᠤᠮᠳᠠᠳᠤ ᠶᠢᠨ ᠪᠠᠶᠢᠳᠠᠯ ᠢ ᠥᠭᠦᠯᠡᠶ᠎ᠡ︾ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠠᠵᠢᠯᠯᠠᠭ᠎ᠠ ᠥᠷᠨᠢᠭᠦᠯᠵᠦ᠂ ︽ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠤᠬᠠᠭᠠᠨ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠠᠭᠤᠷᠢ ᠶᠢ ᠪᠠᠬᠢᠵᠢᠭᠦᠯᠦᠶ᠎ᠡ︾ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠬᠢᠴᠢᠶᠡᠯ ᠶᠠᠷᠢᠬᠤ ᠤᠷᠤᠯᠳᠤᠭᠠᠨ ᠥᠷᠨᠢᠭᠦᠯᠪᠡ︔ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠠᠢ ᠬᠤᠯᠪᠤᠭᠠᠯᠠᠨ᠂ 27 ᠳ᠋ᠤᠭᠠᠷ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠬᠠᠯᠠᠮᠵᠢ ᠶᠢᠨ ᠵᠠᠷ ᠢ ᠰᠡᠭᠦᠳᠡᠷᠯᠡᠨ ᠰᠢᠩᠭᠡᠭᠡᠵᠦ᠂ ᠬᠥᠯᠥᠨ ᠪᠤᠶᠢᠷ ᠬᠤᠲᠠ ᠶᠢᠨ ᠲᠠᠰ ᠤᠨ ᠰᠢᠯᠭᠠᠷᠠᠭᠤᠯᠤᠯᠲᠠ ᠳᠤ ︽ᠬᠠᠮᠤᠭ ᠤᠨ ᠰᠠᠶᠢᠨ ᠪᠦᠲᠦᠭᠡᠯᠴᠢ ᠰᠡᠳᠬᠢᠮᠵᠢ ᠶᠢᠨ ᠱᠠᠩᠨᠠᠯ︾ ᠢ ᠭᠥᠷᠳᠡᠪᠡ︔ ᠬᠤᠰᠢᠭᠤᠨ ᠤ ᠳᠠᠷᠠᠭᠠᠴᠢ ᠶᠢᠨ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠲᠠᠢ ᠬᠠᠮᠲᠤᠷᠠᠨ ︽ᠰᠢᠨ᠎ᠡ ᠳᠤᠮᠳᠠᠳᠤ ᠤᠯᠤᠰ ᠤᠨ ᠰᠠᠶᠢᠴᠣᠣᠯ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠶᠢ ᠮᠠᠭᠲᠠᠨ ᠵᠤᠷᠢᠭᠵᠢᠭᠤᠯᠤᠶ᠎ᠠ︾ ᠰᠢᠷᠢᠰ ᠠᠵᠢᠯᠯᠠᠭ᠎ᠠ ᠶᠢ ᠥᠷᠨᠢᠭᠦᠯᠪᠡ︔ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠤᠯᠪᠤᠭᠠᠯᠠᠨ ︽ᠳᠤᠮᠳᠠᠳᠤ ᠶᠢᠨ ᠰᠣᠩᠭᠤᠳᠠᠭ ᠪᠦᠲᠦᠭᠡᠯ ᠢ ᠠᠯᠳᠠᠷᠰᠢᠭᠤᠯᠵᠤ ᠰᠢᠯᠦᠭ ᠳᠠᠭᠤᠯᠠᠯ ᠤᠨ ᠷᠢᠳᠢ ᠰᠢᠳᠢ ᠶᠢ ᠤᠬᠠᠮᠰᠠᠷᠯᠠᠶ᠎ᠠ︾ ᠡᠷᠲᠡᠨ ᠤ ᠰᠢᠯᠦᠭ ᠳᠠᠭᠤᠯᠠᠯ ᠤᠨ ᠬᠤᠷᠠᠮᠳᠤᠯᠠᠭ᠎ᠠ ᠶᠢᠨ ᠤᠷᠤᠯᠳᠤᠭᠠᠨ ᠥᠷᠨᠢᠭᠦᠯᠵᠦ᠂ ᠪᠥᠬᠦ ᠬᠤᠰᠢᠭᠤᠨ ᠤ 11 ᠰᠤᠷᠭᠠᠭᠤᠯᠢ ᠶᠢᠨ 64 ᠰᠣᠷᠣᠭᠴᠢ ᠠᠵᠢᠯᠯᠠᠭ᠎ᠠ ᠳᠤ ᠣᠷᠣᠯᠴᠠᠵᠠᠢ︔ ︽ᠬᠥᠯᠥᠨ ᠪᠤᠶᠢᠷ ᠬᠤᠲᠠ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠰᠤᠷᠭᠠᠭᠤᠯᠢ ᠶᠢᠨ ᠬᠠᠮᠢᠶᠠᠷᠤᠭᠴᠢ ᠶᠢᠨ ᠪᠣᠯᠪᠠᠰᠤᠷᠠᠭᠤᠯᠤᠯ︾ ᠤᠨ ᠡᠭᠦᠷᠭᠡ ᠶᠢ ᠳᠠᠭᠠᠭᠠᠨ ᠠᠪᠴᠤ᠂ ᠡᠸᠡᠩᠬᠢ ᠳᠤᠮᠳᠠᠳᠤ ᠰᠤᠷᠭᠠᠭᠤᠯᠢ ᠶᠢᠨ ᠨᠢᠭᠡ ᠪᠠᠭᠰᠢ ᠮᠠᠨ ᠤ ᠬᠤᠰᠢᠭᠤ ᠶᠢ ᠲᠥᠯᠥᠭᠡᠯᠡᠨ ᠵᠢᠱᠢᠶ᠎ᠡ ᠦᠵᠡᠭᠦᠯᠬᠦ ᠬᠢᠴᠢᠶᠡᠯ ᠵᠢᠭᠠᠪᠠ᠃ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ 2023 ᠣᠨ ᠤ ︽ᠰᠤᠷᠪᠤᠯᠵᠢᠲᠤ ᠲᠠᠯ᠎ᠠ ᠨᠤᠲᠤᠭ︾ ᠤᠨ ᠨᠣᠮ ᠤᠩᠰᠢᠬᠤ ᠠᠵᠢᠯᠯᠠᠭ᠎ᠠ ᠳᠤ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ᠤᠨ ᠪᠢᠴᠢᠭ ᠤᠨ ᠰᠤᠷᠪᠤᠯᠵᠢᠲᠤ ᠪᠠᠭᠠᠴᠤᠳ︾ ᠤᠨ 4 ᠬᠥᠮᠥᠨ᠂ ᠬᠥᠯᠥᠨ ᠪᠤᠶᠢᠷ ᠬᠤᠲᠠ ᠶᠢᠨ ︽ᠪᠢᠴᠢᠭ ᠤᠨ ᠰᠤᠷᠪᠤᠯᠵᠢᠲᠤ ᠪᠠᠭᠠᠴᠤᠳ︾ ᠤᠨ 27 ᠬᠥᠮᠥᠨ᠂ ᠰᠢᠯᠢᠳᠡᠭ ᠵᠢᠯᠣᠭᠤᠳᠤᠭᠴᠢ ᠪᠠᠭᠰᠢ 16 ᠬᠥᠮᠥᠨ ᠢ ᠢᠷᠠᠭᠤ ᠠᠯᠳᠠᠷᠲᠠᠢ ᠪᠠᠷ ᠭᠥᠷᠳᠡᠵᠦ᠂ ᠬᠥᠯᠥᠨ ᠪᠤᠶᠢᠷ ᠬᠤᠲᠠ ᠶᠢᠨ ︽ᠰᠤᠷᠪᠤᠯᠵᠢᠲᠤ ᠲᠠᠯ᠎ᠠ ᠨᠤᠲᠤᠭ ︱ 2023 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠣᠩᠭᠤᠳᠠᠭ ᠪᠦᠲᠦᠭᠡᠯ ᠢ ᠤᠩᠰᠢᠬᠤ ᠠᠵᠢᠯᠯᠠᠭ᠎ᠠ︾ ᠶᠢᠨ 7 ᠰᠢᠯᠢᠳᠡᠭ ᠠᠵᠢᠯᠲᠠᠨ ᠤ ᠴᠣᠯᠠ᠂ ᠰᠢᠯᠢᠳᠡᠭ ᠵᠣᠬᠢᠶᠠᠨ ᠪᠠᠶᠢᠭᠤᠯᠬᠤ ᠨᠢᠭᠡᠴᠡ 7 ᠬᠥᠮᠥᠨ ᠢᠷᠠᠭᠤ  ᠠᠯᠳᠠᠷ ᠭᠥᠷᠳᠡᠪᠡ᠃       ᠲᠠᠪᠤ ᠳᠤ᠂ ︽ᠲᠦᠭᠡᠮᠡᠯᠵᠢᠭᠦᠯᠬᠦ ᠶᠢ ᠤᠬᠠᠭᠤᠯᠬᠤ ᠭᠠᠷᠠᠭ︾  ᠢ ᠳᠠᠯᠢᠮᠳᠠᠭᠤᠯᠤᠨ᠂ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠦᠨ ᠨᠡᠶᠢᠭᠡᠮ ᠳᠡᠭᠡᠷ᠎ᠡ ᠥᠷᠭᠡᠨ ᠢᠶᠠᠷ ᠣᠬᠠᠭᠤᠯᠪᠠ᠃ ᠭᠡᠷ ᠤᠨ ᠠᠬᠠᠮᠠᠳ ᠪᠣᠯᠣᠨ ᠰᠤᠷᠭᠠᠭᠤᠯᠢ ᠬᠠᠮᠳᠣᠷᠠᠨ ᠬᠤᠯᠪᠣᠭᠠᠯᠠᠵᠣ  ᠰᠠᠴᠤᠷᠠᠭ ᠤᠨ ᠦᠢᠯᠡᠳᠦᠯ ᠢ ᠪᠠᠳᠠᠷᠠᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠲᠣᠰ ᠰᠤᠷᠭᠠᠭᠤᠯᠢ ᠶᠢᠨ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠦᠭᠡᠮᠡᠯᠵᠢᠭᠦᠯᠬᠦ ᠭᠠᠷᠠᠭ ᠤᠨ ᠬᠤᠭᠤᠴᠠᠭᠠᠨ ᠳᠤ ᠰᠢᠯᠦᠭ ᠤᠶᠠᠩᠭᠠᠯᠠᠬᠤ᠂ ᠤᠷᠠᠨ ᠪᠢᠴᠢᠯᠭᠡ ᠶᠢᠨ ᠤᠷᠤᠯᠳᠤᠭᠠᠨ᠂ ᠰᠣᠩᠭᠤᠳᠠᠭ ᠰᠢᠯᠦᠭ ᠵᠣᠬᠢᠶᠠᠯ ᠤᠩᠰᠢᠬᠤ᠂ ᠨᠣᠮ ᠤᠩᠰᠢᠬᠤ ᠠᠵᠢᠯᠯᠠᠭ᠎ᠠ ᠥᠷᠨᠢᠭᠦᠯᠬᠦ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠸᠢᠴᠠᠲ ᠤᠨ ᠨᠡᠶᠢᠲᠡ ᠶᠢᠨ ᠳ᠋ᠤᠭᠠᠷ᠂ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠰᠠᠮᠪᠠᠷ᠎ᠠ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠭᠡᠷ ᠤᠨ ᠠᠬᠠᠮᠠᠳ ᠲᠤ ᠲᠦᠭᠡᠮᠡᠯᠵᠢᠭᠦᠯᠬᠦ ᠭᠠᠷᠠᠭ ᠤᠨ ᠬᠤᠭᠤᠴᠠᠭᠠᠨ ᠤ ᠴᠢᠬᠤᠯᠠ ᠠᠴᠢ ᠬᠤᠯᠪᠣᠭᠳᠠᠯ ᠢ ᠲᠠᠨᠢᠯᠴᠠᠭᠤᠯᠵᠤ᠂ ᠲᠦᠭᠡᠮᠡᠯᠵᠢᠭᠦᠯᠬᠦ ᠭᠠᠷᠠᠭ ᠤᠨ ᠮᠡᠳᠡᠯᠭᠡ ᠶᠢ ᠣᠬᠠᠭᠤᠯᠪᠠ᠃ ᠪᠦᠷᠢᠯᠳᠦᠭᠦᠨ ᠨᠢᠭᠡᠴᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠡᠶᠢᠭᠡᠮ ᠤᠨ ᠤᠬᠠᠭᠤᠯᠭ᠎ᠠ ᠶᠢ ᠥᠷᠨᠢᠭᠦᠯᠪᠡ︔ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠴᠡ‌ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠡᠮᠡᠭᠲᠡᠶᠢᠴᠦᠳ ᠤᠨ ᠬᠤᠯᠪᠣᠭ᠎ᠠ᠂ ᠦᠨᠳᠦᠰᠦᠲᠡᠨ ᠤ ᠬᠡᠷᠡᠭ ᠡᠷᠬ᠋ᠢᠯᠡᠬᠦ ᠵᠥᠪᠯᠡᠯ ᠵᠡᠷᠭᠡ ᠭᠡᠰᠢᠭᠦᠨ ᠨᠢᠭᠡᠴᠡ ᠲᠠᠢ ᠬᠠᠮᠲᠤᠷᠠᠨ ︽27 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠲᠦᠭᠡᠮᠡᠯᠵᠢᠭᠦᠯᠬᠦ ᠠᠵᠢᠯᠯᠠᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢᠳ᠂ ᠭᠡᠷ ᠤᠨ ᠠᠬᠠᠮᠠᠳ᠂ ᠰᠤᠷᠤᠭᠴᠢᠳ ᠵᠢᠴᠢ ᠦᠨᠳᠦᠰᠦᠲᠡᠨ ᠨᠦᠭᠦᠳ ᠤᠨ ᠤᠯᠠᠨ ᠲᠦᠮᠡᠨ ᠯᠦᠭᠡ ᠥᠩᠭᠡᠷᠡᠭᠰᠡᠨ ᠬᠤᠭᠤᠴᠠᠭᠠᠨ ᠤ ᠲᠦᠭᠡᠮᠡᠯᠵᠢᠭᠦᠯᠬᠦ ᠭᠠᠷᠠᠭ ᠤᠨ ᠤᠬᠠᠭᠤᠯᠭ᠎ᠠ ᠶᠢᠨ ᠭᠤᠣᠯ ᠰᠡᠳᠦᠪ᠂ ᠦᠭᠡ ᠬᠡᠯᠡ ᠦᠰᠦᠭ ᠪᠢᠴᠢᠭ ᠤᠨ ᠬᠠᠮᠢᠶ᠎ᠠ ᠪᠦᠬᠦᠢ ᠮᠡᠳᠡᠯᠭᠡ᠂ ᠳᠤᠮᠳᠠᠳᠤ ᠶᠢᠨ ᠰᠢᠯᠢᠳᠡᠭ ᠰᠢᠯᠦᠭ ᠳᠠᠭᠤᠯᠠᠯ ᠳᠤ ᠱᠠᠩᠨᠠᠯ ᠲᠠᠢ ᠥᠷᠢᠰᠦᠯᠳᠦᠨ ᠶᠠᠪᠤᠭᠤᠯᠵᠤ᠂ ᠬᠦᠷ ᠬᠥᠭᠵᠢᠶᠡᠨᠲᠡᠢ ᠪᠠᠷ ᠰᠡᠳᠦᠪ ᠬᠠᠷᠢᠭᠤᠯᠬᠤ  ᠪᠠᠷ ᠳᠠᠮᠵᠢᠨ ᠰᠤᠷᠤᠭᠴᠢᠳ ᠵᠢᠴᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠦᠭᠡᠮᠡᠯᠵᠢᠭᠦᠯᠬᠦ  ᠦᠵᠡᠯ ᠣᠬᠠᠮᠰᠠᠷ ᠪᠠ ᠲᠦᠭᠡᠮᠡᠯᠵᠢᠭᠦᠯᠬᠦ ᠠᠵᠢᠯᠯᠠᠭ᠎ᠠ ᠳᠤ ᠤᠷᠣᠯᠴᠠᠬᠤ ᠣᠬᠠᠮᠰᠠᠷ ᠢ ᠳᠡᠭᠡᠭᠰᠢᠯᠡᠭᠦᠯᠦᠨ᠂ ᠲᠦᠭᠡᠮᠡᠯᠵᠢᠭᠦᠯᠬᠦ  ᠢᠳᠡᠪᠬᠢᠲᠡᠢ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠢ ᠪᠣᠯᠭᠠᠪᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ